ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠫᠠᠨ ᠵᠢᠶᠠᠨ ᠵᠢᠶᠦ᠋ᠨ ᠵᠢᠦ ᠼᠠᠢ ᠵᠤᠸᠠᠩ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/10/22
       ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠫᠠᠨ ᠵᠢᠶᠠᠨ ᠵᠢᠶᠦ᠋ᠨ ᠲᠦᠷᠦᠭᠦᠬᠡᠨ ᠵᠢᠦ ᠼᠠᠢ ᠵᠤᠸᠠᠩ ᠰᠢᠶᠠᠩ ᠳᠤ ᠭᠦᠨᠵᠡᠭᠡᠶᠢᠷᠡᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠫᠠᠨ ᠵᠢᠶᠠᠨ ᠵᠢᠶᠦ᠋ᠨ ᠡᠩ ᠲᠡᠷᠢᠭᠦᠨ ᠳᠤ ᠵᠢᠦ ᠼᠠᠢ ᠵᠤᠸᠠᠩ ᠰᠢᠶᠠᠩ ᠤᠨ ᠵᠠᠰᠠᠭ ᠤᠨ ᠣᠷᠳᠣᠨ ᠳᠤ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠠᠢ ᠶᠠᠷᠢᠯᠴᠠᠬᠤ ᠬᠤᠷᠠᠯ ᠬᠢᠵᠦ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠬᠡᠯᠪᠡᠷᠢ ᠪᠠᠷ ᠵᠢᠦ ᠼᠠᠢ ᠵᠤᠸᠠᠩ ᠰᠢᠶᠠᠩ ᠤᠨ ᠣᠶᠢᠷ᠎ᠠ ᠶᠢᠨ ᠬᠤᠭᠤᠴᠠᠭᠠᠨ ᠤ ᠨᠠᠮ ᠤᠨ ᠪᠠᠶᠢᠭᠤᠯᠤᠯᠲᠠ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠶᠠᠳᠠᠭᠤ ᠶᠢ ᠲᠡᠳᠬᠦᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠮᠡᠳᠡᠭᠡ ᠵᠠᠩᠭᠢ ᠴᠤᠭᠯᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ ᠬᠤᠲᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠰᠣᠯᠪᠢᠴᠠᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠡᠭᠦᠨ ᠤ ᠬᠠᠮᠲᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠤᠲᠠᠲᠠᠢ ᠭᠠᠵᠠᠷ ᠲᠤᠨᠢ ᠪᠠᠶᠢᠴᠠᠭᠠᠨ ᠦᠵᠡᠵᠦ᠂ ᠨᠠᠮ ᠤᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠬᠠᠮᠢᠶ᠎ᠠ ᠪᠥᠬᠦᠶ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠪᠣᠳᠠᠲᠠᠶ ᠵᠢᠯᠣᠭᠤᠳᠬᠤ ᠰᠠᠨᠠᠯ ᠪᠠ ᠰᠠᠨᠠᠭᠤᠯᠭ᠎ᠠ ᠳᠤᠷᠠᠳᠪᠠ᠃      ᠫᠠᠨ ᠵᠢᠶᠠᠨ ᠵᠢᠶᠦ᠋ᠨ ᠵᠢᠭᠠᠵᠤ ᠭᠠᠷᠭᠠᠭᠰᠠᠨ ᠨᠢ᠂ ᠵᠢᠦ ᠼᠠᠢ ᠵᠤᠸᠠᠩ ᠰᠢᠶᠠᠩ ᠳᠡᠭᠡᠳᠦ ᠱᠠᠲᠤᠨ ᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠤᠨ ᠨᠠᠮ ᠤᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠮᠢᠶ᠎ᠠ ᠪᠦᠬᠦᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠮᠡᠳᠡᠭᠡ ᠵᠠᠩᠭᠢ ᠴᠤᠭᠯᠠᠭᠤᠯᠬᠤ ᠠᠵᠢᠯ ᠢ ᠪᠡᠶᠡᠯᠡᠭᠦᠯᠬᠦ ᠬᠡᠷᠡᠭᠲᠡᠶ᠃ ᠣᠷᠣᠯᠭ᠎ᠠ ᠶᠢ ᠲᠥᠰᠦᠭᠡᠯᠡᠨ ᠪᠤᠳᠤᠬᠤ ᠠᠵᠢᠯ ᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠠᠶᠢᠳᠠᠯ ᠢ ᠣᠶᠢᠯᠠᠭᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠯᠤᠭ᠎ᠠ ᠬᠠᠷᠢᠯᠴᠠᠨ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠬᠥᠮᠦᠰ ᠲᠤ ᠯᠠᠪᠳᠠᠭᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠬᠤᠭᠤᠴᠠᠭᠠᠨ ᠳᠤ ᠬᠡᠪ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠳᠠᠷᠠᠭ᠎ᠠ ᠨᠢ᠂ ᠫᠠᠨ ᠵᠢᠶᠠᠨ ᠵᠢᠶᠦ᠋ᠨ ᠵᠢᠦ ᠼᠠᠢ ᠵᠤᠸᠠᠩ ᠰᠢᠶᠠᠩ ᠤᠨ ᠱᠤᠸᠠᠩ ᠵᠢᠩ ᠽᠢ ᠲᠣᠰᠬᠤᠨ ᠳᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠢᠲᠠᠳ ᠡᠪᠡᠰᠦᠨ ᠡᠮ ᠪᠣᠯᠪᠠᠰᠤᠷᠠᠭᠤᠯᠬᠤ ᠲᠦᠷᠦᠯ ᠵᠦᠢᠯ ᠢ ᠥᠷᠨᠢᠭᠦᠯᠦᠭᠰᠡᠨ ᠪᠠᠶᠢᠳᠠᠯ᠂ ᠱᠤᠸᠠᠩ ᠵᠢᠩ ᠽᠢ ᠲᠣᠰᠬᠤᠨ ᠤ ᠨᠠᠮ ᠤᠨ ᠡᠭᠦᠷ ᠤᠨ ᠦᠬᠡᠨᠴᠡ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠭᠰᠡᠨ ᠪᠠᠶᠢᠳᠠᠯ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠣᠷᠣᠰᠢᠨ ᠰᠠᠭᠤᠬᠤ ᠨᠥᠬᠦᠴᠡᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠫᠠᠨ ᠵᠢᠶᠠᠨ ᠵᠢᠶᠦ᠋ᠨ ᠴᠢᠬᠤᠯᠠᠴᠢᠯᠠᠭᠰᠠᠨ ᠨᠢ᠂ ᠵᠢᠦ ᠼᠠᠢ ᠵᠤᠸᠠᠩ ᠰᠢᠶᠠᠩ ᠨᠠᠮ ᠤᠨ ᠪᠠᠶᠢᠭᠤᠯᠤᠯᠲᠠ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠬᠡᠪ ᠵᠠᠭᠪᠤᠷ ᠢ ᠰᠦᠪᠡᠭᠴᠢᠯᠡᠬᠦ ᠲᠠᠯ᠎ᠠ ᠪᠠᠷ ᠵᠣᠬᠢᠬᠤ ᠠᠮᠵᠢᠯᠲᠠ ᠣᠯᠵᠠᠶ᠂ ᠳᠠᠷᠠᠭᠠᠴᠢ ᠶᠢᠨ ᠠᠵᠢᠯ ᠳᠤᠮᠳᠠ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠵᠤ᠂ ᠣᠷᠣᠭᠤᠯᠵᠤ ᠢᠷᠡᠭᠰᠡᠨ ᠠᠵᠤ ᠠᠬᠤᠶᠢᠯᠠᠯ ᠳᠤ ᠵᠣᠬᠢᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠠᠩᠭᠠᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠠᠨ ᠴᠢᠩᠭᠠᠳᠬᠠᠬᠤ ᠬᠡᠷᠡᠭᠲᠡᠢ᠃ ᠨᠢᠭᠡ ᠪᠦᠯᠦᠭ ᠦᠯᠢᠭᠡᠷ ᠵᠢᠱᠢᠶ᠎ᠡ ᠦᠵᠡᠭᠦᠯᠬᠦ ᠲᠣᠰᠬᠤᠨ ᠢ ᠪᠤᠢ ᠪᠣᠯᠭᠠᠵᠤ᠂ ᠣᠯᠠᠨ ᠲᠠᠯ᠎ᠠ ᠪᠠᠷ ᠲᠣᠰᠬᠤᠨ ᠤ ᠠᠷᠠᠳ ᠢ ᠳᠠᠶᠢᠴᠢᠯᠠᠨ ᠪᠠᠶᠠᠵᠢᠭᠤᠯᠵᠤ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠢ ᠠᠬᠢᠭᠤᠯᠬᠤ᠂ ᠠᠵᠤ ᠦᠢᠯᠡᠰ ᠢᠶᠠᠷ ᠠᠷᠠᠳ ᠢ ᠳᠠᠭᠠᠭᠤᠯᠤᠨ ᠴᠢᠨᠡᠭᠡᠯᠢᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠪᠦᠲᠦᠮᠵᠢᠲᠡᠢ ᠪᠡᠶᠡᠯᠡᠭᠦᠯᠬᠦ ᠬᠡᠷᠡᠭᠲᠡᠢ ᠭᠡᠵᠡᠢ᠃      ᠵᠢᠦ ᠼᠠᠢ ᠵᠤᠸᠠᠩ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠴᠢᠶᠣᠤ ᠱᠧᠩ᠂ ᠰᠢᠶᠠᠩ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠸᠠᠩ ᠶᠦᠨ ᠹᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号