︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ | ᠺᠣᠮᠫᠠᠨᠢ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ | ᠬᠦᠷᠢᠶᠡᠯᠡᠩ ᠨᠡᠶᠢᠲᠡ ᠶᠢᠨ ᠮᠠᠰᠢᠨ ᠤ ᠵᠣᠭᠰᠣᠭᠠᠯ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠨᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠨᠢᠭᠡᠨᠲᠡ ᠳᠠᠭᠤᠰᠬᠠᠵᠤ᠂ ᠣᠳᠣ ᠠᠴᠠ ᠡᠬᠢᠯᠡᠨ ᠪᠦᠲᠦᠭᠡᠨ | ᠪᠠᠶᠢᠭᠤᠯᠬᠤ ᠪᠠᠷ ᠪᠠᠶᠢᠨ᠎ᠠ᠃ | ᠣᠶᠢᠯᠠᠭᠠᠭᠰᠠᠨ ᠢᠶᠠᠷ᠂ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠦᠷᠢᠶᠡᠯᠡᠩ ᠨᠡᠶᠢᠲᠡ ᠶᠢᠨ ᠮᠠᠰᠢᠨ ᠤ | ᠵᠣᠭᠰᠣᠭᠠᠯ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠨᠢ ᠬᠥᠬᠡᠬᠤᠲᠠ ᠶᠢᠨ ᠵᠢᠨᠱᠠᠨ ᠨᠡᠭᠡᠭᠡᠯᠲᠡ ᠶᠢᠨ | ᠲᠣᠭᠤᠷᠢᠭ ᠤᠨ ᠵᠢᠨᠱᠠᠨ ᠵᠠᠮ ᠠᠴᠠ ᠬᠤᠶᠢᠰᠢ᠂ ᠵᠢᠩ ᠢ ᠵᠠᠮ ᠠᠴᠠ ᠵᠡᠭᠦᠨᠰᠢ ᠪᠠᠶᠢᠷᠢᠯᠠᠨ᠂ ᠪᠠᠷᠢᠯᠭ᠎ᠠ ᠶᠢᠨ ᠶᠡᠷᠦᠩᠬᠡᠢ | ᠲᠠᠯᠠᠪᠠᠢ ᠨᠢ 3075.49 ᠲᠡᠭᠰᠢ ᠳᠥᠷᠪᠡᠯᠵᠢᠨ ᠮᠧᠲᠷ ᠬᠦᠷᠴᠦ᠂ ᠲᠣᠬᠢᠷᠠᠭᠤᠯᠤᠯᠲᠠ ᠶᠢᠨ ᠠᠰᠠᠷ᠂ ᠵᠠᠰᠠᠨ | ᠰᠡᠯᠪᠢᠬᠦ ᠦᠢᠯᠡᠳᠪᠦᠷᠢ ᠶᠢᠨ ᠲᠠᠰᠤᠭ᠂ ᠴᠠᠬᠢᠯᠭᠠᠨ ᠲᠣᠬᠢᠷᠠᠭᠤᠯᠬᠤ ᠲᠠᠰᠤᠭ᠂ ᠬᠦᠷᠢᠶ᠎ᠡ ᠵᠢᠴᠢ ᠢᠵᠢ ᠪᠦᠷᠢᠳᠦᠭᠦᠯᠬᠦ | ᠲᠣᠨᠤᠭ ᠲᠥᠬᠦᠭᠡᠷᠦᠮᠵᠢ ᠶᠢ ᠪᠠᠭᠲᠠᠭᠠᠨ᠎ᠠ᠃ ᠲᠤᠰ ᠨᠡᠶᠢᠲᠡ ᠶᠢᠨ ᠮᠠᠰᠢᠨ ᠤ ᠵᠣᠭᠰᠣᠭᠠᠯ ᠲᠠᠯᠠᠪᠤᠷ ᠪᠣᠯ ᠮᠠᠨ ᠤ | ᠬᠤᠲᠠ ᠶᠢᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠦᠷᠢᠶᠡᠯᠡᠩ ᠤᠨ ᠢᠵᠢ ᠪᠦᠷᠢᠳᠦᠭᠦᠯᠬᠦ ᠲᠣᠨᠤᠭ | ᠲᠥᠬᠦᠭᠡᠷᠦᠮᠵᠢ ᠪᠠᠶᠢᠵᠤ᠂ ᠪᠠᠶᠢᠭᠤᠯᠤᠭᠳᠠᠭᠰᠠᠨ ᠤ ᠳᠠᠷᠠᠭ᠎ᠠ ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢ | ᠶᠡᠬᠡᠪᠡᠷ ᠠᠬᠢᠭᠤᠯᠤᠨ᠂ ᠡᠷᠭᠢᠨ ᠲᠣᠭᠤᠷᠢᠨ ᠤ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠬᠠᠩᠭᠠᠵᠤ᠂ | ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠦᠷᠢᠶᠡᠯᠡᠩ ᠤᠨ ᠵᠢᠭᠤᠯᠴᠢᠯᠠᠯ ᠪᠠ ᠲᠤᠰ ᠭᠠᠵᠠᠷ ᠣᠷᠣᠨ ᠤ | ᠶᠠᠳᠠᠭᠤ ᠠᠴᠠ ᠠᠩᠭᠢᠵᠢᠷᠠᠭᠤᠯᠬᠤ ᠠᠵᠢᠯ ᠢ ᠬᠦᠴᠦᠲᠡᠢ ᠲᠦᠯᠬᠢᠨ ᠠᠬᠢᠭᠤᠯᠬᠤ ᠪᠣᠯᠣᠨ᠎ᠠ᠃ |