ᠬᠤᠲᠠ ᠶᠢᠨ ᠡᠳ᠋ ᠤᠨ ᠵᠠᠰᠠᠭ 2020 ᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠲᠤᠰᠬᠠᠢ ᠲᠥᠷᠥᠯ ᠤᠨ ᠲᠥᠪ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠬᠤ ᠪᠡᠯᠡ ᠮᠥᠩᠭᠦ ᠶᠢ ᠪᠠᠭᠤᠯᠭᠠᠪᠠ
ᠨᠡᠶᠢᠲᠡᠯᠡᠭᠰᠡᠨ ᠴᠠᠭ᠄
2020/10/22
       ︵ᠰᠤᠷᠪᠤᠯᠵᠢᠯᠠᠭᠴᠢ ᠰᠦᠩ ᠰᠢᠶᠠᠩ ᠬᠤᠸᠠ︶ ᠲᠦᠷᠦᠭᠦᠬᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2020 ᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠲᠤᠰᠬᠠᠢ ᠲᠥᠷᠥᠯ ᠤᠨ ᠲᠥᠪ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠬᠤ ᠪᠡᠯᠡ ᠮᠥᠩᠭᠦ 10379 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ ᠲᠦᠮᠡᠳ ᠵᠡᠭᠦᠨ ᠬᠤᠰᠢᠬᠤ᠂ ᠬᠤᠷᠢᠨᠭᠡᠷ ᠰᠢᠶᠠᠨ᠂ ᠦᠴᠦᠸᠠᠨ ᠰᠢᠶᠠᠨ᠂ ᠴᠢᠩ ᠱᠦᠢ ᠾᠧ ᠰᠢᠶᠠᠨ᠂ ᠲᠣᠭᠲᠠᠬᠤ ᠰᠢᠶᠠᠨ᠂ ᠬᠤᠲᠣᠩ ᠠᠷᠠᠳ ᠤᠨ ᠲᠣᠭᠤᠷᠢᠭ ᠤᠨ ᠪᠡᠭᠡᠵᠢᠩ ᠲᠢᠶᠠᠨᠵᠢᠨ ᠤ ᠰᠠᠯᠬᠢ ᠰᠢᠷᠣᠢ ᠶᠢᠨ ᠡᠬᠢ ᠶᠢ ᠵᠠᠰᠠᠬᠤ ᠢᠨᠵᠧᠨᠧᠷᠢᠩ ᠳᠤ ᠬᠡᠷᠡᠭᠯᠡᠨ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠬᠥᠮᠥᠨ ᠤ ᠬᠦᠴᠦ ᠪᠠᠷ ᠣᠶᠢᠵᠢᠭᠤᠯᠬᠤ ᠪᠠ ᠪᠠᠭ᠎ᠠ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠪᠠᠷ ᠲᠠᠮᠵᠢᠭᠤᠯᠤᠨ᠂ ᠤᠷᠭᠤᠮᠠᠯ ᠤᠨ ᠬᠤᠴᠢᠯᠭ᠎ᠠ ᠶᠢ ᠬᠠᠮᠠᠭᠠᠯᠠᠵᠤ ᠨᠡᠮᠡᠭᠳᠡᠭᠦᠯᠦᠨ᠂ ᠠᠮᠢ ᠠᠬᠤᠢ ᠶᠢ ᠵᠠᠰᠠᠨ᠂ ᠡᠷᠭᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠪᠠᠶᠢᠳᠠᠯ ᠢ ᠰᠠᠶᠢᠵᠢᠷᠠᠭᠤᠯᠬᠤ ᠶᠢ ᠵᠣᠷᠢᠪᠠ᠃      ᠣᠷᠴᠢᠮ ᠤᠨ ᠵᠢᠯ ᠠᠴᠠ ᠨᠠᠭᠠᠰᠢ᠂ ᠮᠠᠨ ᠤ ᠬᠤᠲᠠ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠲᠠᠰᠤᠷᠠᠯᠲᠠ ᠦᠭᠡᠢ ᠠᠬᠢᠭᠤᠯᠪᠠ᠃ ᠢᠨᠵᠧᠨᠧᠷᠢᠩ ᠤᠨ ᠣᠷᠣᠨ ᠤ ᠣᠢ ᠮᠣᠳᠣ ᠡᠪᠡᠰᠦ ᠤᠷᠭᠤᠮᠠᠯ ᠤᠨ ᠪᠦᠷᠬᠦᠴᠡ ᠶᠢᠨ ᠶᠡᠷᠦᠩᠬᠡᠢ ᠬᠡᠮᠵᠢᠶ᠎ᠡ ᠶᠢᠨ ᠤᠯᠠᠮ ᠨᠢᠭᠡ ᠠᠯᠬᠤᠮ ᠳᠡᠭᠡᠭᠰᠢᠯᠡᠬᠦ ᠶᠢ ᠳᠠᠭᠠᠯᠳᠤᠨ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠢᠨᠵᠧᠨᠧᠷᠢᠩ ᠤᠨ ᠣᠷᠣᠨ ᠤ ᠬᠥᠷᠥᠰᠥ ᠰᠢᠷᠣᠢ ᠶᠢᠨ ᠢᠳᠡᠭᠳᠡᠯ ᠤᠨ ᠬᠡᠮᠵᠢᠶ᠎ᠡ ᠳᠣᠷᠣᠭᠰᠢᠯᠠᠵᠤ᠂ ᠡᠯᠡᠰᠦᠷᠬᠡᠭᠵᠢᠯ ᠤᠨ ᠬᠡᠮᠵᠢᠶ᠎ᠡ ᠪᠠᠭᠠᠰᠴᠤ᠂ ᠣᠢ ᠮᠣᠳᠣ ᠡᠪᠡᠰᠦ ᠤᠷᠭᠤᠮᠠᠯ ᠤᠨ ᠪᠦᠷᠬᠦᠴᠡ ᠦᠳᠲᠡᠷ ᠲᠦᠷᠭᠡᠨ ᠨᠡᠮᠡᠭᠳᠡᠵᠦ᠂ ᠠᠵᠤ ᠠᠬᠤᠢ ᠨᠡᠶᠢᠭᠡᠮ ᠲᠣᠭᠲᠠᠭᠤᠨ ᠢᠶᠠᠷ ᠬᠥᠭᠵᠢᠵᠦ᠂ ᠬᠥᠭᠵᠢᠯᠲᠡ ᠶᠢᠨ ᠦᠷᠭᠦᠯᠵᠢᠯᠡᠬᠦᠶᠢᠴᠡ ᠴᠢᠳᠠᠪᠤᠷᠢ ᠲᠠᠰᠤᠷᠠᠯᠲᠠ ᠦᠭᠡᠢ ᠨᠡᠮᠡᠭᠳᠡᠪᠡ᠃ ᠣᠳᠣ ᠪᠣᠯᠬᠤ ᠳᠤ᠂ ᠴᠥᠭᠡᠨ ᠪᠤᠰᠤ ᠭᠠᠵᠠᠷ ᠣᠷᠣᠨ ᠲᠤᠷᠤᠭ ᠪᠤᠲᠠ ᠡᠪᠡᠰᠦ᠂ ᠲᠣᠣᠷᠯᠠᠵᠤ ᠲᠠᠷᠢᠭᠰᠠᠨ ᠡᠪᠡᠰᠦ ᠤᠷᠭᠤᠮᠠᠯ ᠬᠠᠷᠢᠯᠴᠠᠨ ᠤᠶᠠᠯᠳᠤᠭᠰᠠᠨ ᠣᠷᠣᠨ ᠪᠦᠰᠡ ᠶᠢᠨ ᠠᠮᠢ ᠠᠬᠤᠢ ᠶᠢᠨ ᠲᠣᠣᠷ ᠢ ᠨᠢᠭᠡᠨᠲᠡ ᠠᠩᠬ᠎ᠠ ᠠᠯᠬᠤᠮ ᠪᠦᠷᠢᠯᠳᠦᠭᠦᠯᠵᠦ᠂ ᠶᠡᠭᠡ ᠬᠡᠮᠵᠢᠶ᠎ᠡ ᠪᠠᠷ ᠲᠠᠷᠢᠵᠤ ᠣᠶᠢᠵᠢᠭᠤᠯᠤᠭᠰᠠᠨ ᠠᠮᠢ ᠠᠬᠤᠢ ᠶᠢᠨ ᠣᠢ ᠬᠠᠮᠠᠭᠠᠯᠠᠯᠲᠠ ᠶᠢᠨ ᠣᠢ ᠨᠢ ᠤᠰᠤ ᠬᠥᠷᠥᠰᠥ ᠶᠢ ᠬᠠᠮᠠᠭᠠᠯᠠᠬᠤ᠂ ᠤᠰᠤᠨ ᠤ ᠰᠤᠷᠪᠤᠯᠵᠢ ᠶᠢ ᠬᠠᠳᠠᠭᠠᠯᠠᠬᠤ᠂ ᠣᠷᠴᠢᠨ ᠲᠣᠭᠤᠷᠢᠨ ᠢ ᠴᠢᠮᠡᠭᠯᠡᠬᠦ᠂ ᠠᠭᠤᠷ ᠠᠮᠢᠰᠬᠤᠯ ᠢ ᠲᠣᠬᠢᠷᠠᠭᠤᠯᠬᠤ ᠳᠤ ᠨᠡᠯᠢᠶᠡᠳ ᠰᠠᠶᠢᠨ ᠦᠢᠯᠡᠳᠦᠯ ᠭᠠᠷᠭᠠᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠰᠠᠯᠬᠢ ᠰᠢᠷᠣᠢ ᠪᠠ ᠤᠯᠠᠭᠠᠨ ᠰᠢᠭᠤᠷᠭ᠎ᠠ ᠵᠡᠷᠭᠡ ᠶᠢ ᠪᠠᠭᠠᠰᠬᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号