ᠰᠢᠨᠬᠤᠸᠠ ᠰᠦᠯᠵᠢᠶ᠎ᠡ ᠶᠢᠨ ᠬᠦᠬᠡᠬᠤᠲᠠ ᠶᠢᠨ 10 ᠰᠠᠷ᠎ᠠ ᠶᠢᠨ 21 ᠤ ᠡᠲᠦᠷ ᠤᠨ ᠮᠡᠲᠡᠭᠡ ︵ ᠰᠢᠤᠢ | ᠬᠤᠩ ᠮᠸᠢ︶ ᠪᠠᠶᠢᠭᠠᠠᠯᠢ ᠶᠢᠨ ᠲᠦᠷᠦᠯ ᠤᠨ ᠮᠦᠽᠸᠢ ᠬᠢᠭᠡᠳ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ | ᠤᠷᠠᠨ ᠪᠦᠲᠦᠭᠡᠯ᠂ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠬᠡᠪᠯᠡᠯ᠂ ᠰᠢᠨᠵᠢᠯᠡᠬᠦ ᠤᠬᠠᠭᠠᠨ ᠤ | ᠲᠦᠭᠡᠮᠡᠯᠵᠢᠬᠦᠯᠦᠯᠲᠡ ᠶᠢᠨ ᠲᠠᠮᠵᠢᠭᠤᠯᠭ᠎ᠠ ᠵᠡᠷᠭᠡ ᠬᠦᠷᠢᠶ᠎ᠡ ᠶᠢᠨ ᠪᠦᠯᠬᠦᠮ ᠠᠩᠬᠢ ᠪᠠ ᠨᠢᠭᠡᠴᠢ ᠨᠦᠭᠦᠳ ᠤᠨ | ᠰᠤᠯᠢᠯᠴᠠᠭ᠎ᠠ ᠬᠤᠷᠰᠢᠯᠴᠠᠭᠠᠨ ᠤ ᠬᠤᠭᠤᠷᠤᠨᠳᠤᠬᠢ ᠬᠦᠭᠡᠷᠭᠡ ᠪᠠᠶᠢᠭᠤᠯᠬᠤ ᠶᠢᠨ ᠲᠦᠯᠦᠭᠡ᠂ 10 ᠰᠠᠷ᠎ᠠ ᠶᠢᠨ 20 | ᠤ ᠡᠲᠦᠷ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠭᠠᠵᠠᠷ ᠰᠢᠨᠵᠢᠯᠡᠭᠡᠨ ᠤ ᠡᠷᠲᠡᠨ ᠤ ᠠᠮᠢᠲᠤ ᠪᠤᠳᠠᠰ ᠤᠨ | ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠬᠤᠷᠠᠯ ᠦᠪᠦᠷ ᠮᠤᠩᠭᠤᠯ ᠤᠨ ᠪᠠᠶᠢᠭᠠᠯᠢ ᠶᠢᠨ ᠮᠦᠽᠸᠢ ᠳᠤ | ᠬᠤᠷᠠᠯᠳᠤᠵᠤ ᠡᠬᠢᠯᠡᠪᠡ᠂ ᠬᠤᠷᠠᠯ ᠤᠨ ᠬᠤᠭᠤᠴᠠᠭ᠎ᠠ 4 ᠡᠲᠦᠷ᠃ | ᠰᠤᠳᠤᠯᠤᠨ ᠶᠠᠷᠢᠯᠴᠠᠬᠤ ᠬᠤᠷᠠᠯ ᠲᠡᠭᠡᠷ᠎ᠡ᠂ ᠪᠦᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ | ᠢᠷᠡᠭᠰᠡᠨ ᠭᠠᠵᠠᠷ ᠰᠢᠨᠵᠢᠯᠡᠭᠡᠨ ᠤ ᠡᠷᠲᠡᠨ ᠤ ᠠᠮᠢᠲᠤ ᠪᠤᠳᠠᠰ ᠤᠨ ᠰᠤᠳᠤᠯᠭᠠᠨ ᠤ ᠲᠤᠰᠬᠠᠢ ᠮᠡᠷᠭᠡᠵᠢᠯᠲᠡᠳ᠂ | ᠡᠷᠲᠡᠮᠲᠡᠳ ︽ᠠᠮᠢᠲᠤ ᠪᠤᠲᠠᠰ ᠤᠨ ᠤᠯᠠᠷᠢᠯ ᠬᠤᠪᠢᠰᠤᠯ ᠤᠨ ᠨᠢᠭᠤᠴᠠ ᠶᠢᠨ ᠬᠠᠶᠢᠯᠲᠠ ᠬᠢᠭᠡᠳ ᠪᠤᠲᠤᠯᠬᠢᠯᠠᠯ︾᠂ | ︽ᠰᠢᠨᠵᠢᠯᠡᠬᠦ ᠤᠬᠠᠭᠠᠨ ᠤ ᠢᠯᠡᠷᠡᠬᠦᠯᠦᠯᠲᠡ ᠠᠴᠠ ᠤᠯᠠᠨ ᠡᠰᠢᠵᠢᠯᠡᠯᠲᠡ ᠪᠦᠬᠦᠢ ᠰᠢᠨᠵᠢᠯᠡᠬᠦ ᠤᠬᠠᠭᠠᠨ ᠤ | ᠲᠦᠭᠡᠮᠡᠯᠵᠢᠬᠦᠯᠦᠯᠲᠡ ᠶᠢᠨ ᠪᠦᠳᠣᠭᠡᠭᠳᠡᠬᠦᠨ ᠤ ᠤᠨᠳᠤᠤᠰᠢᠯ ᠬᠦᠷᠲᠡᠯ᠎ᠡ︾᠂ ︽ ᠲᠦᠭ ᠲᠦᠮᠡᠨ ᠵᠢᠯ ᠤᠨ | ᠬᠤᠪᠢᠰᠤᠯ ᠤᠨ ᠲᠡᠦᠬᠡ ᠠᠴᠠ ᠬᠦᠮᠦᠨ ᠲᠦᠷᠦᠯᠬᠢᠲᠡᠨ ᠤ ᠬᠤᠪᠢ ᠵᠠᠶᠠᠭ᠎ᠠ ᠶᠢ ᠠᠵᠢᠬᠤ ᠨᠢ︾᠂ ︽ᠪᠠᠶᠢᠭᠠᠯᠢ ᠶᠢᠨ | ᠮᠦᠽᠸᠢ ᠶᠢᠨ ᠲᠡᠯᠭᠡᠨ ᠦᠵᠡᠬᠦᠯᠦᠯᠭᠡ ᠶᠢ ᠤᠬᠠᠭᠠᠯᠠᠨ ᠲᠦᠰᠦᠪᠯᠡᠬᠦ ᠦᠢᠯᠡᠲᠦᠯᠭᠡ︾ ᠵᠡᠷᠭᠡ ᠭᠠᠵᠠᠷ ᠰᠢᠨᠵᠢᠯᠡᠭᠡᠨ | ᠤ ᠡᠷᠲᠡᠨ ᠤ ᠠᠮᠢᠲᠤ ᠪᠤᠳᠠᠰ ᠤᠨ ᠲᠤᠬᠠᠢ ᠢᠯᠡᠳᠭᠡᠯ ᠬᠢᠨ᠎ᠡ︔ ᠬᠤᠷᠠᠯ ᠤᠨ ᠲᠦᠯᠦᠭᠡᠯᠡᠭᠴᠢ ᠠᠴᠠ ᠲᠤᠰ ᠲᠤᠰ | ︽ᠮᠦᠽᠸᠢ ᠶᠢᠨ ᠪᠠᠴᠢᠮ ᠪᠠᠶᠢᠲᠠᠯ ᠢ ᠠᠷᠭᠠᠴᠠᠬᠤ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠲᠤᠭᠲᠠᠴᠠ | ᠬᠢᠭᠡᠳ ᠴᠢᠲᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠪᠤᠲᠤᠯᠬᠢᠯᠠᠯ︾᠂ ︽ᠰᠢᠨᠵᠢᠯᠡᠭᠡ ᠰᠤᠲᠤᠯᠭᠠᠨ ᠤ ᠰᠢᠨ᠎ᠡ | ᠡᠬᠦᠲᠦᠯᠲᠡ ᠪᠠᠷ ᠡᠷᠲᠡᠨ ᠤ ᠠᠮᠢᠲᠤ ᠪᠤᠳᠠᠰ ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠴᠦᠮ᠎ᠡ | ᠤᠨᠴᠠᠯᠢᠭ ᠢ ᠲᠤᠰᠬᠠᠬᠤ ᠨᠢ︾᠂ ︽ᠴᠢᠯᠠᠭᠤᠵᠢᠮᠠᠯ ᠤᠨ ᠰᠤᠳᠤᠯᠭᠠᠨ ᠢᠶᠠᠷ ᠤᠷᠤᠨ ᠨᠤᠲᠤᠭ ᠤᠨ ᠠᠵᠤ ᠠᠬᠤᠢ | ᠪᠠ ᠨᠡᠶᠢᠭᠡᠨᠮ ᠤᠨ ᠬᠦᠭᠵᠢᠯᠲᠡ ᠳᠤ ᠬᠦᠴᠦᠨ ᠬᠠᠮᠵᠢᠬᠤ ᠲᠤᠬᠠᠢ ᠪᠤᠲᠤᠯᠬᠢᠯᠠᠯ︾᠂ ︽ᠡᠷᠲᠡᠨ ᠤ ᠠᠮᠢᠲᠤ ᠪᠤᠳᠠᠰ | ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠬᠢᠭᠡᠳ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ︾ ᠵᠡᠷᠭᠡ | ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠰᠤᠷᠲᠠᠯᠴᠢᠯᠠᠭ᠎ᠠ ᠤᠬᠠᠭᠤᠯᠤᠯ ᠢ ᠲᠦᠯᠬᠢᠨ ᠠᠬᠢᠭᠤᠯᠬᠤ | ᠢᠯᠡᠳᠭᠡᠯ ᠬᠢᠬᠦ ᠪᠤᠯᠤᠨ᠎ᠠ᠃ | ᠰᠤᠳᠤᠯᠤᠨ ᠶᠠᠷᠢᠯᠴᠠᠬᠤ ᠬᠤᠷᠠᠯ ᠲᠡᠭᠡᠷ᠎ᠡ᠂ ︽2019 ᠤᠨ ᠤ ᠪᠦᠬᠦ ᠤᠯᠤᠰ ᠤᠨ ᠭᠠᠵᠠᠷ | ᠰᠢᠨᠵᠢᠯᠡᠭᠡᠨ ᠤ ᠡᠷᠲᠡᠨ ᠤ ᠠᠮᠢᠲᠤ ᠪᠤᠳᠠᠰ ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠠᠷᠪᠠᠨ | ᠲᠤᠮᠤ ᠠᠬᠢᠴᠠ︾ ᠶᠢ ᠨᠡᠶᠢᠲᠡᠯᠡᠵᠡᠢ᠂ ᠡᠬᠦᠨ ᠳᠤ ᠂ ︽ᠦᠪᠦᠷ ᠮᠤᠩᠭᠤᠯ ᠤᠨ ᠪᠠᠶᠢᠭᠠᠯᠢ ᠶᠢᠨ ᠮᠦᠽᠸᠢ ᠶᠢᠨ | ᠭᠠᠵᠠᠷ ᠰᠢᠨᠵᠢᠯᠡᠭᠡᠨ ᠤ ᠡᠷᠲᠡᠨ ᠤ ᠠᠮᠢᠲᠤ ᠪᠤᠳᠠᠰ ᠤᠨ ᠲᠦᠷᠦᠯ ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ | ᠶᠢᠨ ᠬᠢᠴᠢᠶᠡᠯ ᠤᠨ ᠨᠡᠬᠡᠭᠡᠯᠲᠡ︾ ᠰᠤᠩᠭᠤᠬᠲᠠᠪᠠ᠃ ᠵᠡᠷᠭᠡ ᠳᠤᠨᠢ᠂ ᠦᠪᠦᠷ ᠮᠤᠩᠭᠤᠯ ᠤᠨ ᠪᠠᠶᠢᠭᠠᠯᠢ ᠶᠢᠨ | ᠮᠦᠽᠸᠢ ᠨᠢ ᠲᠤᠮᠲᠠᠳᠤ ᠤᠯᠤᠰ ᠤᠨ ᠡᠷᠲᠡᠨ ᠤ ᠠᠮᠢᠲᠤ ᠪᠤᠲᠠᠰ ᠤᠨ ᠡᠷᠲᠡᠮ ᠰᠢᠨᠵᠢᠯᠡᠭᠡᠨ ᠤ ᠨᠡᠶᠢᠭᠡᠮᠯᠢᠭ᠂ | ᠲᠤᠮᠲᠠᠳᠤ ᠤᠯᠤᠰ ᠤᠨ ᠡᠷᠲᠡᠨ ᠤ ᠠᠮᠢᠲᠤ ᠪᠤᠲᠠᠰ ᠤᠨ ᠴᠢᠯᠠᠭᠤᠵᠢᠮᠠᠯ ᠢ ᠬᠠᠮᠠᠭᠠᠯᠠᠬᠤ ᠰᠠᠭᠤᠷᠢ ᠮᠦᠩᠭᠬᠦᠨ ᠤ | ᠬᠤᠷᠠᠯ ᠠᠴᠠ ᠲᠤᠰ ᠲᠤᠰ ᠤᠯᠭᠤᠬᠰᠠᠨ ︽ᠲᠤᠮᠲᠠᠳᠤ ᠤᠯᠤᠰ ᠤᠨ ᠡᠷᠲᠡᠨ ᠤ ᠠᠮᠢᠲᠤ ᠪᠤᠲᠠᠰ ᠤᠨ ᠡᠷᠲᠡᠮ | ᠰᠢᠨᠵᠢᠯᠡᠭᠡᠨ ᠤ ᠨᠡᠶᠢᠭᠡᠮᠯᠢᠭ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠰᠤᠷᠭᠠᠨ | ᠬᠦᠮᠦᠵᠢᠯ ᠤᠨ ᠰᠠᠭᠤᠷᠢᠨ︾ ︽ᠲᠤᠮᠲᠠᠳᠤ ᠤᠯᠤᠰ ᠤᠨ ᠡᠷᠲᠡᠨ ᠤ ᠠᠮᠢᠲᠤ ᠪᠤᠲᠠᠰ ᠤᠨ ᠴᠢᠯᠠᠭᠤᠵᠢᠮᠠᠯ ᠢ | ᠬᠠᠮᠠᠭᠠᠯᠠᠬᠤ ᠰᠠᠭᠤᠷᠢ ᠮᠦᠩᠭᠬᠦᠨ ᠤ ᠬᠤᠷᠠᠯ ᠤᠨ ᠴᠢᠯᠠᠭᠤᠵᠢᠮᠠᠯ ᠤᠨ ᠰᠤᠶᠤᠯ ᠤᠨ ᠲᠠᠮᠵᠢᠭᠤᠯᠭ᠎ᠠ ᠶᠢᠨ ᠰᠠᠭᠤᠷᠢᠨ | ︾ ᠴᠤᠯᠠ ᠶᠢ ᠬᠦᠷᠲᠡᠵᠦ᠂ ᠪᠠᠶᠢᠭᠠᠯᠢ ᠶᠢᠨ ᠡᠬᠢ ᠪᠶᠠᠯᠢᠭ ᠤᠨ ᠶᠠᠮᠤᠨ ᠤ ᠵᠡᠬᠦᠨ ᠬᠤᠶᠢᠳᠤ ᠠᠽᠢᠶ᠎ᠠ ᠶᠢᠨ ᠡᠷᠲᠡᠨ | ᠤᠨ ᠠᠮᠢᠲᠤ ᠪᠤᠳᠠᠰ ᠤᠨ ᠬᠤᠪᠢᠷᠠᠯ ᠤᠨ ᠭᠤᠤᠯᠲᠠᠯᠭ᠎ᠠ ᠲᠠᠢ ᠲᠤᠷᠰᠢᠯᠲᠠ ᠶᠢᠨ ᠭᠡᠷ ᠤᠨ ︽ᠲᠤᠷᠰᠢᠯᠲᠡ ᠶᠢᠨ | ᠰᠠᠭᠤᠷᠢᠨ︾ ᠢᠶᠠᠷ ᠵᠢᠬᠰᠠᠭᠠᠬᠲᠠᠪᠠ᠃ | ᠦᠪᠦᠷ ᠮᠤᠩᠭᠤᠯ ᠤᠨ ᠪᠠᠶᠢᠭᠠᠯᠢ ᠶᠢᠨ ᠮᠦᠽᠸᠢ ᠶᠢᠨ ᠲᠠᠷᠤᠭ᠎ᠠ ᠸᠠᠩ ᠵᠢᠶᠦ᠋ᠨ ᠶᠸᠦ ᠢᠯᠡᠷᠬᠡᠶᠢᠯᠡᠬᠦ | ᠳᠡᠭᠡᠨ᠄ ᠪᠠᠶᠢᠭᠠᠯᠢ ᠶᠢᠨ ᠮᠦᠽᠸᠢ ᠨᠢ ᠦᠩᠭᠡᠷᠡᠭᠰᠡᠨ᠂ ᠤᠳᠤ ᠪᠠ ᠢᠷᠡᠭᠡᠲᠦᠢ ᠶᠢᠨ ᠪᠠᠶᠢᠭᠠᠯᠢ ᠶᠢᠨ ᠪᠤᠲᠠᠰ ᠶᠢᠨ | ᠭᠡᠷᠡᠴᠢ ᠵᠢᠴᠢ ᠤᠷᠴᠢᠨ ᠠᠬᠤᠢ ᠶᠢᠨ ᠰᠤᠷᠠᠭ ᠴᠢᠮᠡᠭᠡ ᠶᠢ ᠠᠴᠢᠶᠠᠯᠠᠬᠤ ᠪᠠ ᠣᠯᠠᠮᠵᠢᠯᠠᠨ ᠲᠠᠷᠬᠠᠭᠠᠬᠤ | ᠤᠬᠠᠭᠤᠯᠭ᠎ᠠ ᠬᠦᠮᠦᠵᠢᠯ ᠦᠢᠯᠡᠴᠢᠯᠡᠭᠡ ᠶᠢᠨ ᠪᠠᠨᠶᠢᠭᠤᠯᠤᠮᠵᠢ ᠶᠢᠨ ᠬᠤᠪᠢ ᠳᠤ᠂ ᠪᠠᠶᠢᠭᠠᠯᠢ ᠶᠢᠨ ᠰᠢᠨᠵᠢᠯᠡᠭᠡ | ᠰᠤᠲᠤᠯᠭᠠᠨ ᠤ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢ ᠦᠷᠨᠢᠬᠦᠯᠬᠦ ᠨᠢ ᠰᠢᠨ᠎ᠡ ᠪᠠᠶᠢᠲᠠᠯ ᠤᠨ ᠲᠤᠤᠷᠠᠬᠢ | ᠨᠡᠶᠢᠭᠡᠮ ᠤᠨ ᠱᠠᠭᠠᠷᠲᠠᠯᠭ᠎ᠠ ᠪᠠ ᠬᠠᠷᠢᠭᠤᠴᠠᠯᠭ᠎ᠠ ᠡᠭᠦᠷᠭᠡᠯᠡᠯ ᠪᠤᠯᠤᠨ᠎ᠠ᠃ ᠦᠪᠦᠷ ᠮᠤᠩᠭᠤᠯ ᠤᠨ ᠪᠠᠶᠢᠭᠠᠯᠢ ᠶᠢᠨ | ᠮᠦᠽᠸᠢ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠲᠠᠯ᠎ᠠ ᠪᠠᠷ᠂ ᠰᠢᠨᠵᠢᠯᠡᠬᠦ ᠤᠬᠠᠭᠠᠨ ᠤ | ᠲᠦᠭᠡᠮᠡᠯᠵᠢᠬᠦᠯᠦᠯᠲᠡ ᠶᠢᠨ ᠰᠤᠷᠭᠠᠨ ᠬᠦᠮᠦᠵᠢᠯ ᠤᠨ ᠦᠯᠢᠭᠡᠷ ᠵᠢᠱᠢᠶ᠎ᠡ ᠰᠠᠭᠤᠷᠢᠨ ᠪᠠ ᠵᠢᠭᠠᠨ ᠰᠤᠷᠭᠠᠬᠤ | ᠦᠢᠯᠡᠲᠦᠯᠭᠡᠵᠢᠬᠦᠯᠬᠦ ᠰᠠᠭᠤᠷᠢᠨ ᠤ ᠦᠢᠯᠡᠲᠦᠯ ᠢᠶᠠᠨ ᠬᠦᠢᠴᠡᠳ ᠪᠠᠲᠠᠷᠠᠭᠤᠯᠤᠨ᠂ ᠬᠡᠯᠪᠡᠷᠢ ᠤᠯᠠᠨ ᠶᠠᠩᠵᠤ ᠶᠢᠨ᠂ | ᠠᠭᠤᠯᠭ᠎ᠠ ᠡᠯᠪᠡᠭ ᠪᠠᠶᠠᠯᠢᠭ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ | ᠶᠢᠨ ᠬᠢᠴᠢᠶᠡᠯ ᠵᠢᠭᠠᠯᠲᠠ ᠶᠢ ᠦᠷᠨᠢᠬᠦᠯᠦᠨ᠎ᠡ ᠭᠡᠯᠡ᠃ | http://mongol.people.com.cn/15827305.html |