ᠥᠪᠥᠷ ᠮᠣᠩᠭᠤᠯ ᠤᠨ ᠡᠳᠦᠷ ᠤᠨ ᠰᠣᠨᠢᠨ ᠤ 10 ᠰᠠᠷ᠎ᠠ ᠶᠢᠨ 20 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠰᠢᠤᠢ ᠶᠤᠸᠠᠢ︶ 10 ᠰᠠᠷ᠎ᠠ ᠶᠢᠨ 20 ᠤ ᠡᠳᠦᠷ᠂ ᠦᠨᠳᠦᠰᠦᠲᠡᠨ ᠤ ᠪᠥᠵᠢᠭᠲᠦ ᠵᠦᠴᠦᠭᠡ ︽ | ᠮᠣᠷᠢᠲᠤ ᠴᠡᠷᠢᠭ︾ ᠤᠨ ᠲᠤᠬᠠᠢ ᠶᠠᠷᠢᠯᠴᠠᠬᠤ ᠬᠤᠷᠠᠯ ᠬᠥᠬᠡᠬᠤᠲᠠ ᠳᠠᠬᠢ ᠥᠪᠥᠷ ᠮᠣᠩᠭᠤᠯ ᠤᠨ ᠦᠨᠳᠦᠰᠦᠲᠡᠨ ᠤ | ᠤᠷᠠᠯᠢᠭ ᠤᠨ ᠲᠢᠶᠠᠲᠷ ᠲᠤ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠪᠠᠢ ᠢᠦᠢ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ | ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠪᠠᠢ ᠢᠦᠢ ᠭᠠᠩ᠄ ᠪᠥᠵᠢᠭᠲᠦ ᠵᠦᠴᠦᠭᠡ ︽ᠮᠣᠷᠢᠲᠤ ᠴᠡᠷᠢᠭ︾ ᠤᠨ ᠭᠤᠣᠯ ᠰᠡᠳᠦᠪ ᠨᠢ ᠢᠯᠡ ᠲᠣᠳᠣᠷᠬᠠᠢ | ᠂ ᠵᠤᠬᠢᠶᠠᠮᠵᠢ ᠨᠢ ᠠᠪᠴᠠᠯᠳᠤᠩᠭᠤᠢ᠂ ᠬᠥᠮᠦᠰ ᠤᠨ ᠰᠡᠳᠬᠢᠯ ᠢ ᠬᠥᠳᠡᠯᠭᠡᠮ᠎ᠡ ᠪᠦᠭᠡᠳ ᠥᠪᠡᠷᠮᠢᠴᠡ ᠣᠨᠴᠠᠯᠢᠭ ᠲᠠᠢ | ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠤᠤᠷ᠎ᠠ᠂ ᠮᠣᠩᠭᠤᠯ ᠦᠨᠳᠦᠰᠦᠲᠡᠨ ᠤ | ᠵᠠᠯᠠᠭᠤᠴᠤᠳ ᠦᠩᠭᠡ ᠭᠡᠷᠡᠯᠲᠡᠢ ᠮᠣᠷᠢᠲᠤ ᠴᠡᠷᠢᠭ ᠤᠨ ᠪᠠᠶᠢᠯᠳᠤᠭᠴᠢᠳ ᠪᠤᠯᠵᠤ ᠦᠰᠦᠨ ᠪᠤᠶᠢᠵᠢᠭᠰᠠᠨ | ᠥᠩᠭᠡᠷᠡᠯᠲᠡ ᠶᠢ ᠲᠤᠰᠬᠠᠵᠤ᠂ ᠰᠠᠶᠢᠨ ᠰᠠᠶᠢᠬᠠᠨ ᠢᠨᠠᠬ ᠬᠠᠶᠢᠷ᠎ᠠ ᠪᠣᠯᠤᠨ ᠡᠬᠡ ᠣᠷᠣᠨᠴᠢ ᠬᠠᠶᠢᠷ᠎ᠠ ᠰᠡᠳᠬᠢᠯᠭᠡ ᠶᠢ | ᠵᠢᠷᠤᠭᠯᠠᠵᠤ᠂ ᠮᠣᠩᠭᠤᠯ ᠮᠣᠷᠢᠨ ᠤ ᠦᠨᠡᠨᠴᠢ ᠰᠢᠳᠤᠷᠭᠤ᠂ ᠡᠷᠡᠯᠬᠡᠭ ᠪᠠᠭᠠᠲᠤᠷᠯᠢᠭ᠂ ᠡᠷᠡᠰ ᠬᠠᠲᠠᠭᠤ ᠮᠥᠷᠲᠡᠭᠡᠨ | ᠤᠶᠠᠨ ᠵᠥᠭᠡᠯᠡᠨ ᠪᠠᠶᠢᠳᠠᠭ ᠢ ᠲᠠᠶᠢᠰᠠᠨ ᠳᠡᠭᠡᠷ᠎ᠡ ᠢᠯᠡᠷᠡᠭᠦᠯᠵᠦ᠂ ︽ᠲᠠᠰᠪᠤᠷᠢ ᠬᠠᠳᠠᠭᠤᠵᠢᠯᠳᠠᠢ ᠲᠡᠮᠡᠴᠡᠭᠦ᠂ | ᠪᠤᠴᠠᠯᠲᠠ ᠦᠭᠡᠢ ᠤᠷᠤᠭᠰᠢᠯᠠᠬᠤ᠂ ᠵᠣᠷᠢᠬᠰᠠᠨ ᠳᠠᠭᠠᠨ ᠬᠦᠷᠭᠦ ᠦᠭᠡᠢ ᠪᠤᠯ ᠶᠠᠭᠠᠬᠢᠬᠰᠠᠨ ᠴᠤ ᠵᠤᠷᠢᠬ ᠮᠤᠬᠤᠬᠤ | ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠲᠦᠷᠰᠦᠯᠢᠭ ᠢᠶᠠᠷ ᠬᠠᠷᠠᠭᠤᠯᠵᠤ᠂ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠡᠷᠡᠯᠬᠡᠭ ᠪᠠᠭᠠᠲᠤᠷᠯᠢᠭ ᠢᠶᠠᠷ ᠬᠤᠪᠢ | ᠨᠡᠮᠡᠷᠢ ᠦᠵᠡᠭᠦᠯᠬᠦ ᠮᠣᠷᠢᠲᠤ ᠴᠡᠷᠢᠭ ᠤᠨ ᠵᠣᠷᠢᠭ ᠰᠠᠨᠠᠭ᠎ᠠ ᠶᠢ ᠨᠠᠩ ᠰᠠᠶᠢᠲᠤᠷ ᠪᠠᠳᠠᠷᠠᠭᠤᠯᠬᠤ ᠶᠢ ᠵᠤᠷᠢᠬᠵᠢᠭᠤᠯᠵᠠᠢ᠃ | ᠥᠪᠡᠷᠲᠡᠭᠡᠨ ᠵᠠᠰᠠᠬᠤ ᠣᠷᠣᠨ ︽ᠮᠣᠷᠢᠲᠤ ᠴᠡᠷᠢᠭ︾ ᠤᠨ ᠨᠠᠩ ᠶᠡᠭᠡ ᠲᠠᠪᠴᠠᠩ ᠵᠦᠭ ᠤᠷᠤᠭᠰᠢᠯᠠᠵᠤ᠂ ᠪᠦᠬᠦ | ᠤᠯᠤᠰ ᠤᠨ ᠲᠠᠶᠢᠰᠠᠨ ᠳᠡᠭᠡᠷ᠎ᠡ ︽ᠮᠣᠷᠢᠲᠤ ᠴᠡᠷᠢᠭ︾ ᠢ ᠪᠠᠶᠢᠡᠭᠭᠤ ᠬᠦᠭᠵᠢᠶᠡᠡᠲᠡᠢ ᠲᠤᠬᠯᠠᠬᠤ ᠳᠤ ᠦᠷᠭᠦᠯᠵᠢᠯᠡᠨ | ᠤᠯᠠᠨ ᠲᠠᠯ᠎ᠠ ᠠᠴᠠ ᠲᠡᠮᠵᠢᠯᠭᠡ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ ᠪᠠᠢ ᠢᠦᠢ ᠭᠠᠩ᠄ ᠢᠷᠡᠬᠦ ᠵᠢᠯ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠪᠦᠬᠦ ᠣᠷᠣᠨ ᠤ | ᠤᠳᠬ᠎ᠠ ᠤᠷᠠᠯᠢᠭ ᠤᠨ ᠹᠷᠣᠨᠲ ᠤᠨ ᠬᠢᠨ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ ᠨᠡᠩ ᠤᠯᠠᠨ | ᠰᠣᠳᠣᠨ ᠪᠦᠲᠦᠭᠡᠯ ᠢ ᠦᠷᠭᠦᠯᠵᠢᠯᠡᠨ ᠵᠣᠬᠢᠶᠠᠨ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠵᠧᠩ ᠬᠤᠩ ᠹᠠᠨ᠄ ᠪᠥᠵᠢᠭᠲᠦ ᠵᠦᠴᠦᠭᠡ ︽ᠮᠣᠷᠢᠲᠤ ᠴᠡᠷᠢᠭ︾ ᠪᠣᠯ ᠦᠵᠡᠯ ᠰᠠᠨᠠᠭᠠᠴᠢ ᠴᠢᠨᠠᠷ᠂ | ᠤᠷᠠᠯᠢᠭᠴᠢ ᠴᠢᠨᠠᠷ ᠪᠠ ᠰᠣᠨᠢᠷᠬᠠᠯᠳᠤ ᠴᠢᠨᠠᠷ ᠢ ᠪᠦᠷᠢᠳᠦᠭᠦᠯᠦᠭᠰᠡᠨ ᠤᠷᠠᠯᠢᠭ ᠤᠨ ᠰᠣᠳᠣᠨ ᠪᠦᠲᠦᠭᠡᠯ ᠪᠤᠯᠬᠤ ᠶᠤᠮ᠃ | ᠲᠡᠭᠦᠨ ᠤ ᠬᠢᠵᠠᠭᠠᠷᠳᠠᠢ ᠴᠠᠬ ᠪᠠ ᠤᠷᠤᠨ ᠵᠠᠢ ᠳᠤ ᠲᠡᠯᠭᠡᠨ ᠦᠵᠡᠭᠦᠯᠦᠭᠰᠡᠨ ᠠᠭᠤᠯᠭ᠎ᠠ ᠨᠢ ᠮᠠᠰᠢ ᠪᠦᠷᠢᠨ᠂ ᠳᠡᠰ | ᠳᠠᠪᠬᠤᠷᠭ᠎ᠠ ᠨᠢ ᠪᠠᠶᠠᠯᠢᠭ᠂ ᠠᠳᠠᠯᠢ ᠪᠤᠰᠤ ᠨᠠᠰᠤ ᠵᠢᠯ ᠪᠠ ᠠᠳᠠᠯᠢ ᠪᠤᠰᠤ ᠠᠵᠢᠯ ᠮᠡᠷᠭᠡᠵᠢᠯ ᠤᠨ ᠦᠵᠡᠭᠴᠢᠳ ᠪᠦᠷ | ᠵᠦᠴᠦᠭᠡ ᠠᠴᠠ ᠬᠠᠮᠳᠤ ᠶᠢᠨ ᠴᠤᠤᠷᠢᠶᠠᠳᠤᠯ ᠢ ᠤᠯᠵᠤ ᠴᠢᠳᠠᠨ᠎ᠠ᠃ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ | ᠠᠪᠴᠤ᠂ ᠠᠷᠠᠳ ᠲᠦᠮᠡᠨ ᠳᠤ ᠦᠢᠯᠡᠴᠢᠯᠡᠬᠦ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠡᠨᠡᠭᠦ | ᠪᠦᠲᠦᠭᠡᠯ ᠢ ᠰᠤᠳᠤᠨ ᠪᠦᠲᠦᠭᠡᠯ ᠪᠣᠯᠭᠠᠵᠤ ᠥᠨᠢ ᠤᠳᠠᠭᠠᠨ ᠤ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | http://mongol.people.com.cn/15827302.html |