ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠷᠡᠬᠦ ᠶᠢ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠳᠤ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2020/10/22
   ᠦᠪᠣᠷ ᠮᠣᠩᠭᠤᠯ ᠤᠨ ᠡᠳᠣᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢ ᠼᠦᠨ ᠰᠢᠶᠠ︶  10 ᠰᠠᠷ᠎ᠠ ᠶᠢᠨ 20 ᠤ ᠡᠳᠦᠷ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ   ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠷᠡᠬᠦ  ᠶᠢ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠭᠰᠠᠨ ᠢ ᠬᠠᠷᠢᠭᠤᠯᠪᠠ᠃    ᠲᠠᠨᠢᠯᠴᠠᠭᠤᠯᠤᠭᠰᠠᠨ ᠢᠶᠠᠷ᠂ 7 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠷᠡᠬᠦ  ᠶᠢ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠲᠠᠷᠣᠮᠠᠯᠯᠠᠨ ᠲᠠᠷᠬᠠᠭᠠᠵᠤ᠂ 2020 ᠣᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠪᠡ᠃ ︽ᠠᠷᠭ᠎ᠠ︾ ᠳᠤ ᠨᠡᠶᠢᠲᠡ 5 ᠪᠦᠯᠦᠭ 40 ᠵᠦᠢᠯ᠂ ᠡᠭᠦᠨ ᠳᠤ ᠶᠡᠷᠦᠩᠬᠡᠶ ᠳᠦᠷᠢᠮ᠂ ᠵᠡᠮᠳᠡᠭᠷᠡᠬᠦ  ᠶᠢ ᠰᠡᠷᠭᠡᠶᠢᠯᠡᠬᠦ᠂ ᠡᠷᠡᠭᠦᠯᠵᠢᠭᠦᠯᠬᠦ ᠣᠶᠢᠯᠡᠴᠢᠯᠡᠭᠡ᠂ ᠪᠠᠲᠣᠯᠠᠭ᠎ᠠ  ᠶᠢᠨ ᠠᠷᠭ᠎ᠠ ᠬᠡᠮᠵᠢᠶ᠎ᠡ᠂ ᠳᠠᠭᠠᠯᠲᠠ ᠳᠦᠷᠢᠮ ᠵᠡᠷᠭᠡ 5 ᠲᠠᠯ᠎ᠠ ᠶᠢᠨ ᠠᠭᠤᠯᠭ᠎ᠠ ᠶᠢ ᠪᠠᠭᠳᠠᠭᠠᠵᠤ᠂ ᠵᠡᠮᠳᠡᠭᠴᠦᠳ ᠤᠨ ︽ᠬᠥᠮᠦᠨ ᠪᠦᠬᠦᠨ ᠡᠷᠡᠭᠦᠯᠵᠢᠭᠦᠯᠬᠦ ᠣᠶᠢᠯᠡᠴᠢᠯᠡᠭᠡ ᠶᠢ ᠡᠳ᠋ᠯᠡᠬᠦ︾ ᠶᠢ ᠡᠷᠲᠡᠬᠡᠨ ᠪᠡᠶᠡᠯᠡᠭᠦᠯᠬᠦ ᠪᠠᠷ ᠬᠠᠷᠠᠯᠲᠠ ᠪᠣᠯᠭᠠᠨ᠂ ᠵᠡᠮᠳᠡᠭᠷᠡᠬᠦ  ᠶᠢ  ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠵᠡᠮᠳᠡᠭᠷᠡᠬᠦ ᠶᠢ ᠪᠦᠲᠦᠮᠵᠢᠲᠡᠶ ᠰᠡᠷᠭᠡᠶᠢᠯᠡᠬᠦ᠂ ᠵᠡᠮᠳᠡᠭᠷᠡᠬᠦ ᠬᠡᠮᠵᠢᠶ᠎ᠡ ᠶᠢ ᠪᠠᠭᠠᠰᠬᠠᠬᠤ᠂ ᠵᠡᠮᠳᠡᠭᠴᠦᠳ ᠢ ᠬᠠᠪᠰᠤᠷᠤᠨ ᠴᠢᠳᠠᠪᠤᠷᠢ ᠶᠢ ᠨᠢ ᠰᠡᠷᠭᠦᠭᠡᠬᠦ ᠪᠤᠶᠤ ᠨᠥᠬᠦᠪᠥᠷᠢᠯᠡᠬᠦ᠂ ᠵᠡᠮᠳᠡᠭᠴᠦᠳ  ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ᠂ ᠬᠦᠢᠴᠡᠳ ᠣᠷᠣᠯᠴᠠᠬᠤ ᠶᠢ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠵᠡᠮᠳᠡᠭᠷᠡᠬᠦ ᠶᠢ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠰ ᠤᠨ ᠡᠷᠡᠬᠦᠯ ᠪᠥᠭᠡᠳ ᠡᠮᠬᠢ ᠵᠢᠷᠤᠮ ᠲᠠᠢ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠲᠥᠷᠥ ᠶᠢᠨ  ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠲᠠᠭᠠᠵᠠᠢ᠃     ᠵᠡᠮᠳᠡᠭᠷᠡᠬᠦ  ᠶᠢ ᠰᠡᠷᠭᠡᠶᠢᠯᠡᠬᠦ ᠠᠵᠢᠯ ᠤᠨ ᠲᠤᠬᠠᠶ᠂ ︽ᠠᠷᠭ᠎ᠠ︾ ᠳᠤ᠂ ᠵᠡᠮᠳᠡᠭᠷᠡᠬᠦ ᠶᠢ ᠰᠡᠷᠭᠡᠶᠢᠯᠡᠬᠦ ᠠᠵᠢᠯ ᠳᠤ ᠪᠥᠬᠦ ᠬᠥᠮᠦᠰ ᠪᠠ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠤᠯᠬᠤ ᠬᠡᠷᠡᠭᠲᠡᠶ ᠭᠡᠵᠦ ᠲᠣᠭᠲᠠᠭᠠᠵᠠᠶ᠃ ᠨᠡᠶᠢᠳᠡᠮ ᠰᠡᠷᠭᠡᠶᠢᠯᠡᠬᠦ ᠪᠠ ᠭᠤᠤᠯᠳᠠᠯᠭ᠎ᠠ ᠲᠠᠢ ᠰᠡᠷᠭᠡᠶᠢᠯᠡᠨ ᠬᠤᠷᠢᠭᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠪᠣᠯᠤᠨ ᠭᠡᠷ ᠪᠦᠯᠢ ᠪᠠᠷ ᠰᠠᠭᠤᠷᠢ ᠪᠣᠯᠭᠠᠨ᠎ᠠ᠃ ᠵᠡᠮᠳᠡᠭᠷᠡᠬᠦ  ᠶᠢ ᠰᠡᠷᠭᠡᠶᠢᠯᠡᠬᠦ ᠪᠠᠷ ᠭᠤᠤᠯᠳᠠᠯᠭ᠎ᠠ ᠪᠤᠯᠭᠠᠵᠦ᠂ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠳᠣᠷ ᠥᠷᠨᠢᠭᠦᠯᠵᠦ᠂ ᠵᠡᠮᠳᠡᠭᠷᠡᠬᠦ ᠨᠤᠷᠮ᠎ᠠ ᠶᠢ ᠪᠦᠲᠦᠮᠵᠢᠲᠡᠶ ᠪᠠᠭᠤᠷᠠᠭᠤᠯᠤᠨ᠎ᠠ᠃ ︽ᠠᠷᠭ᠎ᠠ︾ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ  ᠪᠦᠬᠦᠢ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠶᠢ ᠵᠣᠬᠢᠶᠠᠨ ᠪᠠᠶᠢᠭᠤᠯᠵᠤ ᠵᠡᠮᠳᠡᠭᠷᠡᠬᠦ ᠶᠢ ᠤᠷᠢᠳᠴᠢᠯᠠᠨ ᠰᠡᠷᠭᠡᠶᠢᠯᠡᠬᠦ ᠠᠵᠢᠯ ᠥᠷᠨᠢᠭᠦᠯᠬᠦ ᠠᠭᠤᠯᠭ᠎ᠠ ᠪᠠ ᠱᠠᠭᠠᠷᠳᠠᠯᠭ᠎ᠠ ᠶᠢ ᠲᠤᠲᠤᠷᠬᠠᠶᠢᠯᠠᠬᠤ ᠠᠵᠢᠯᠯᠠᠭ᠎ᠠ ᠦᠷᠨᠢᠭᠦᠯᠬᠦ ᠬᠡᠷᠡᠭᠲᠡᠢ ᠭᠡᠵᠡᠢ  ᠃    ᠡᠷᠡᠭᠦᠯᠵᠢᠭᠦᠯᠬᠦ ᠦᠢᠯᠡᠴᠢᠯᠡᠭᠡᠨ ᠤ ᠠᠵᠢᠯ ᠤᠨ ᠲᠤᠬᠠᠶ ︽ᠠᠷᠭ᠎ᠠ︾ ᠳᠤ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠬᠢ ᠪᠠᠶᠠᠯᠢᠭ ᠢᠶᠠᠨ ᠡᠮᠬᠢᠯᠡᠨ  ᠨᠠᠶᠢᠷᠠᠭᠤᠯᠵᠤ᠂ ᠬᠤᠷᠢᠭ᠎ᠠ ᠱᠤᠭᠤᠮ ᠢ ᠪᠠᠲᠤᠯᠠᠬᠤ᠂ ᠲᠣᠣᠷ ᠰᠦᠯᠵᠢᠶᠡᠵᠢᠬᠦᠯᠬᠦ᠂ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠵᠦᠶ ᠵᠣᠬᠢᠰᠲᠠᠶ ᠪᠠᠶᠢᠷᠢᠯᠠᠭᠤᠯᠵᠤ᠂ ᠨᠡᠶᠢᠭᠡᠮ ᠲᠣᠭᠤᠷᠢᠭ ᠤᠨ ᠡᠷᠡᠭᠦᠯᠵᠢᠭᠦᠯᠭᠡ ᠪᠠᠷ ᠰᠠᠭᠤᠷᠢ ᠪᠣᠯᠭᠠᠭᠰᠠᠨ᠂ ᠡᠷᠡᠭᠦᠯᠵᠢᠭᠦᠯᠬᠦ ᠪᠠᠶᠢᠭᠤᠯᠤᠮᠵᠢ ᠪᠠᠷ ᠭᠤᠤᠯᠯᠠᠭᠴᠢ ᠪᠣᠯᠭᠠᠭᠰᠠᠨ᠂ ᠵᠡᠮᠳᠡᠭᠴᠦᠳ ᠤᠨ ᠭᠡᠷ ᠪᠦᠯᠢ ᠪᠠᠷ ᠲᠦᠰᠢᠭ ᠪᠣᠯᠭᠠᠭᠰᠠᠨ ᠵᠡᠮᠳᠡᠭᠴᠦᠳ ᠤᠨ ᠡᠷᠡᠬᠦᠯᠵᠢᠯ ᠤᠨ ᠣᠶᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭᠯᠡᠭᠡᠨ ᠳᠤ ᠲᠦᠬᠦᠮ᠂ ᠥᠷᠭᠡᠨ ᠠᠰᠢᠭ ᠬᠦᠷᠲᠡᠬᠦ ᠡᠷᠡᠭᠦᠯᠵᠢᠭᠦᠯᠬᠦ ᠠᠭᠤᠯᠭ᠎ᠠ ᠪᠠᠷ ᠭᠤᠤᠯᠳᠠᠯᠭ᠎ᠠ ᠪᠣᠯᠭᠠᠨ᠎ᠠ᠃ ᠵᠡᠮᠳᠡᠭᠴᠦᠳ ᠲᠤ ᠶᠡᠷᠦᠩᠬᠡᠶᠢᠯᠡᠭᠰᠡᠨ ᠴᠢᠨᠠᠷᠲᠠᠶ ᠡᠷᠡᠭᠦᠯᠵᠢᠭᠦᠯᠬᠦ ᠦᠢᠯᠡᠴᠢᠯᠡᠭᠡ ᠬᠠᠩᠭᠠᠵᠤ᠂ ᠵᠡᠮᠳᠡᠭ ᠬᠡᠦᠬᠡᠳ ᠢ ᠡᠷᠡᠭᠦᠯᠵᠢᠭᠦᠯᠬᠦ ᠠᠵᠢᠯ ᠢ ᠡᠩ ᠲᠡᠷᠢᠭᠦᠨ ᠳᠤ ᠥᠷᠨᠢᠭᠦᠯᠵᠦ᠂ ᠡᠷᠡᠭᠦᠯᠵᠢᠭᠦᠯᠬᠦ ᠪᠠ  ᠰᠣᠷᠭᠠᠨ  ᠬᠥᠮᠦᠵᠢᠭᠦᠯᠬᠦ ᠶᠢ ᠬᠠᠷᠢᠯᠴᠠᠨ ᠤᠶᠠᠯᠳᠤᠭᠤᠯᠵᠤ᠂ ᠡᠷᠡᠭᠦᠯᠵᠢᠭᠦᠯᠬᠦ ᠪᠠᠶᠢᠭᠤᠯᠤᠮᠵᠢ ᠬᠢᠭᠡᠳ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠢᠭᠲᠠ ᠬᠠᠮᠲᠤᠷᠠᠯᠴᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠰᠢᠭᠤᠳ ᠰᠢᠯᠤᠭᠤᠨ ᠲᠣᠭᠲᠠᠴᠠ ᠶᠢ ᠪᠡᠶᠡᠯᠡᠭᠦᠯᠵᠦ᠂ ᠵᠡᠮᠳᠡᠭᠴᠦᠳ ᠤᠨ ᠦᠨᠳᠦᠰᠦᠨ ᠡᠷᠡᠬᠦᠯᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ‌ᠬᠠᠩᠭᠠᠨᠵᠤ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ  ᠣᠶᠢᠯᠡᠴᠢᠯᠡᠭᠡ ᠶᠢ ᠠᠳᠠᠯᠢ ᠲᠡᠭᠰᠢ ᠪᠣᠯᠭᠠᠵᠤ᠂ ᠵᠡᠮᠳᠡᠭᠴᠦᠳ ᠤᠨ ᠡᠷᠡᠭᠦᠯᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ http://mongol.people.com.cn/15827307.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号