ᠥᠪᠡᠷᠲᠡᠭᠡᠨ ᠵᠠᠰᠠᠬᠤ ᠣᠷᠣᠨ ᠣᠯᠠᠨ ᠵᠣᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2020/10/22
        ᠬᠦᠬᠡᠬᠤᠳᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠡᠤ ᠽᠢ ᠰᠢᠣᠸᠠᠨ︶   ᠲᠠᠪᠴᠠᠩ ᠤᠨ ᠠᠴᠢᠶᠠᠯᠠᠪᠤᠷᠢ ᠪᠣᠯ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠦᠪᠯᠡᠷᠬᠦᠯᠬᠦ  ᠴᠢᠬᠤᠯᠠ ᠭᠠᠷᠳᠠᠴᠠ ᠮᠥᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠬᠢᠭᠡᠳ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠰᠠᠭᠤᠷᠢ ᠲᠤᠯᠭᠠᠭᠤᠷᠢ ᠮᠥᠨ᠃ ᠣᠶᠢᠷ᠎ᠠ ᠳᠤ᠂  ᠦᠪᠣᠷ ᠮᠣᠩᠭᠤᠯ ᠤᠨ ᠦᠪᠡᠷᠳᠡᠭᠡᠨ ᠣᠷᠣᠨ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ ᠪᠠᠶᠢᠷᠢᠰᠢᠭᠤᠯᠤᠯᠲᠠ ᠶᠢ ᠰᠢᠯᠢᠳᠡᠭᠵᠢᠬᠦᠯᠬᠦ᠂ ᠪᠥᠲᠥᠭᠡᠨ ᠪᠠᠶᠢᠭᠤᠯᠤᠯᠲᠠ ᠶᠢ ᠬᠥᠲᠥᠯᠦᠨ ᠵᠢᠯᠣᠭᠤᠳᠬᠤ᠂ ᠬᠠᠮᠢᠶᠠᠷᠤᠯᠲᠠ ᠶᠢ ᠲᠡᠭᠦᠯᠳᠡᠷᠵᠢᠭᠦᠯᠬᠦ ᠵᠡᠷᠭᠡ  ᠲᠠᠯ᠎ᠠ  ᠪᠠᠷ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ  ᠬᠦᠭᠵᠢᠭᠡᠪᠡ᠃    ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ ᠡᠩ ᠲᠡᠷᠢᠭᠦᠨ ᠳᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠤᠯ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ ᠤᠯᠠᠷᠢᠯᠡᠭᠤᠯᠤᠯ᠂ ᠰᠠᠭᠤᠷᠢ ᠲᠣᠯᠭᠠᠭᠤᠷᠢᠯᠠᠯ ᠬᠢᠭᠡᠳ ᠨᠥᠬᠦᠴᠡᠯ ᠤᠨ ᠪᠠᠲᠤᠯᠠᠭ᠎ᠠ ᠵᠡᠷᠭᠡ ᠭᠤᠷᠪᠠᠨ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠢ ᠰᠢᠯᠢᠳᠡᠭᠵᠢᠭᠦᠯᠦᠨ  ᠨᠡᠶᠢᠳᠭᠡᠪᠡ︔ ᠳᠠᠷᠠᠭᠠᠯᠠᠪᠠᠯ᠂ ᠦᠨᠡᠯᠡᠨ ᠵᠢᠱᠢᠵᠦ ᠤᠬᠤᠷᠢᠨ ᠭᠠᠷᠬᠤ ᠲᠣᠭᠲᠠᠴᠠ ᠶᠢ ᠪᠠᠶᠢᠭᠤᠯᠪᠠ︔ ᠬᠠᠮᠤᠭ ᠰᠡᠭᠦᠯ ᠳᠤ ᠨᠢ ᠲᠣᠭᠲᠠᠭᠤᠨ ᠢᠶᠠᠷ ᠳᠡᠮᠵᠢᠬᠦ ᠲᠣᠭᠲᠠᠴᠠ ᠶᠢ ᠪᠠᠶᠢᠭᠤᠯᠪᠠ᠃ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠤᠨ ᠢᠨᠵᠧᠨᠧᠷᠢᠩ ᠤᠨ ᠰᠤᠳᠤᠯᠭᠠᠨ ᠤ ᠲᠥᠪ᠂ ᠦᠢᠯᠡᠳᠭᠡᠯ ᠠᠵᠦ ᠣᠶᠢᠯᠡᠰ ᠤᠨ ᠰᠢᠨ᠎ᠡ ᠶᠢ ᠡᠭᠦᠳᠬᠦ ᠲᠥᠪ ᠲᠤ ᠵᠢᠯ ᠪᠦᠷᠢ 1000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠪᠡ᠃ ᠬᠡᠭᠡᠷ᠎ᠡ ᠭᠠᠳᠠᠨᠠᠬᠢ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠵᠦ ᠰᠤᠳᠤᠯᠬᠤ ᠥᠷᠲᠡᠭᠡ ᠳᠤ ᠵᠢᠯ ᠪᠦᠷᠢ 100  ᠲᠦᠮᠡᠨ ᠲᠥᠭᠦᠷᠢᠭ ᠠᠴᠠ ᠳᠤᠲᠠᠭᠤ ᠥᠬᠡᠶ ᠳᠡᠮᠵᠢᠯᠭᠡ ᠦᠵᠡᠭᠦᠯᠵᠦ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠳᠤ  ᠬᠡᠷᠡᠭᠯᠡᠪᠡ᠃ ᠰᠢᠨ᠎ᠡ ᠪᠠᠷ ᠵᠥᠪᠰᠢᠶᠡᠷᠡᠭᠳᠡᠭᠰᠡᠨ  ᠣᠯᠣᠰ ᠤᠨ ᠲᠡᠰ ᠤᠨ  ᠲᠡᠭᠡᠳᠣ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠲᠤ ᠬᠠᠮᠤᠭ ᠶᠡᠭᠡ ᠳᠡᠭᠡᠨ 2000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ  ᠳᠡᠮᠵᠢᠯᠭᠡ ᠦᠵᠡᠭᠦᠯᠵᠦ᠂ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ ᠲᠦᠷᠦᠭᠦᠦ 60 ᠨᠡᠷᠡᠰ ᠲᠤ ᠣᠷᠣᠵᠤ᠂ ᠣᠨ ᠤ ᠨᠡᠷᠡᠰ ᠤᠨ  ᠵᠢᠨᠰᠠᠭᠠᠯᠳᠠ ᠳᠤ  ᠲᠦᠷᠦᠭᠦᠦ 5 ᠠᠴᠠ ᠳᠡᠭᠡᠭᠰᠢ ᠵᠢᠭᠰᠠᠭᠠᠭᠳᠠᠭᠰᠠᠨ ᠵᠢᠴᠢ ᠰᠢᠨ᠎ᠡ ᠪᠠᠷ ᠵᠥᠪᠰᠢᠶᠡᠷᠡᠯ ᠣᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ  ᠦᠢᠯᠡᠰ‌‍ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠤᠯᠭᠤᠵᠠᠢ  ᠃    ᠡᠭᠦᠨ ᠤ ᠬᠠᠮᠲᠤ ︽ᠭᠤᠷᠪᠠᠨ ᠣᠷᠣᠨ ᠬᠤᠶᠠᠷ ᠲᠥᠪ︾ ᠤᠨ ᠪᠦᠳᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠡᠮᠵᠢᠪᠡ᠃ ᠲᠤᠬᠠᠶᠢᠯᠠᠪᠠᠯ᠄ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠲᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ᠂ ᠣᠷᠳᠣᠰ ᠤᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠣᠶᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ᠂ ᠪᠠᠶᠠᠨᠨᠠᠭᠤᠷ ᠤᠯᠤᠰ ᠤᠨ ᠲᠠᠷᠢᠶᠠᠯᠠᠩ ᠤᠨ ᠲᠡᠭᠡᠳᠣ ᠰᠢᠨ᠎ᠡ ᠮᠡᠷᠬᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠰᠠᠭᠠᠯᠢ ᠶᠢᠨ ᠠᠵᠦ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠬᠤᠪᠣᠷ ᠰᠢᠷᠣᠶ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠶᠢ ᠪᠠᠶᠢᠭᠤᠯᠪᠠ᠃ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠶᠢᠨ ᠤᠯᠤᠰ ᠤᠨ ᠲᠡᠭᠡᠳᠣ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠵᠢᠯ ᠪᠦᠷᠢ 5000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ ᠦᠷᠭᠦᠯᠵᠢᠯᠡᠨ 5 ᠵᠢᠯ ᠳᠡᠮᠵᠢᠪᠡ᠃ ᠣᠷᠳᠣᠰ ᠤᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ  ᠵᠢᠱᠢᠶ᠎ᠡ ᠦᠵᠡᠭᠦᠯᠬᠦ ᠲᠣᠭᠤᠷᠢᠭ᠂ ᠪᠠᠶᠠᠨᠨᠠᠭᠤᠷ ᠤᠯᠤᠰ ᠤᠨ ᠲᠠᠷᠢᠶᠠᠯᠠᠩ ᠤᠨ ᠲᠡᠭᠡᠳᠣ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠲᠤ ᠵᠢᠯ ᠪᠦᠷᠢ 5000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ 5 ᠵᠢᠯ ᠳᠠᠷᠠᠭᠠᠯᠠᠨ ᠳᠡᠮᠵᠢᠪᠡ᠃ ᠤᠯᠤᠰ ᠤᠨ  ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠵᠢᠯ ᠪᠦᠷᠢ 3000 ᠲᠦᠮᠡᠨ ᠲᠥᠭᠦᠷᠢᠭ ᠠᠴᠠ ᠳᠣᠣᠷ᠎ᠠ ᠦᠭᠡᠢ ᠳᠡᠮᠵᠢᠯᠭᠡ ᠦᠵᠡᠭᠦᠯᠵᠦ᠂ 5 ᠵᠢᠯ ᠳᠠᠷᠠᠭᠠᠯᠠᠨ ᠳᠠᠮᠵᠢᠵᠤ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠳᠤ ᠬᠡᠷᠡᠭᠯᠡᠵᠡᠢ  ᠃         http://mongol.people.com.cn/15827306.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号