ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/10/23
     10 ᠳ᠋ᠤᠭᠠᠷ ᠰᠠᠷ᠎ᠠ ᠶᠢᠨ 22 ᠤᠨ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠹᠠᠨ ᡁᠢ ᠵᠥᠩ ᠪᠦᠯᠬᠦᠮ ᠳᠠᠭᠠᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠲᠤ ᠪᠠᠷ ᠬᠡᠳᠦᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠵᠢᠴᠢ ᠬᠤᠪᠢ ᠶᠢᠨ ᠡᠵᠡᠩᠨᠡᠯᠲᠡ ᠶᠢᠨ ᠡᠷᠦᠬᠡ ᠶᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠨ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠪᠢᠨ ᠬᠠᠶ ᠵᠢᠤ ᠾᠧ ᠤᠣ ᠯᠠᠶ᠂ ᠵᠢᠢ ᠺᠣᠹᠧ᠂  ᠮᠧᠢ ᠺᠦᠩ ᠰᠧᠴᠤᠸᠠᠨ ᠬᠠᠭᠤᠷᠤᠯᠭ᠎ᠠ᠂ ᠵᠢᠶ ᠲᠢᠩ ᠺᠣᠹᠧ ᠵᠡᠷᠭᠡ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠠᠯᠠᠪᠤᠷ᠂ ᠠᠵᠢᠯᠲᠠᠨ᠂ ᠬᠥᠮᠦᠨ ᠤ ᠤᠷᠤᠰᠬᠠᠯ ᠤᠨ ᠬᠡᠮᠵᠢᠶ᠎ᠡ᠂ ᠪᠣᠷᠣᠯᠠᠭᠤᠯᠭ᠎ᠠ ᠶᠢᠨ ᠬᠡᠮᠵᠢᠶ᠎ᠡ ᠵᠡᠷᠭᠡ ᠡᠵᠡᠩᠨᠡᠯᠲᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠳᠠᠭᠠᠭᠠᠴᠢᠯᠠᠨ ᠬᠤᠯᠪᠣᠭᠠᠯᠠᠬᠤ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠰᠢᠢᠳᠪᠦᠷᠢᠯᠡᠬᠦ ᠴᠢᠬᠤᠯᠠᠲᠠᠶ ᠠᠠᠭᠤᠳᠠᠯ ᠢ ᠭᠤᠤᠯᠳᠠᠯᠭ᠎ᠠ ᠲᠠᠢ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠲᠤᠭᠤᠷᠢᠭ ᠤᠨ ᠬᠠᠷᠢᠶ᠎ᠠ ᠪᠦᠬᠦᠢ ᠡᠯ᠎ᠡ ᠬᠠᠮᠢᠶ᠎ᠠ ᠪᠦᠬᠦᠢ ᠨᠢᠭᠡᠴᠡ᠂ ᠰᠠᠯᠠᠭ᠎ᠠ ᠮᠥᠴᠢᠷ ᠤᠳ ᠬᠠᠷᠢᠶᠠᠲᠤ ᠲᠤᠭᠤᠷᠢᠭ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠵᠢᠴᠢ ᠬᠤᠪᠢ ᠶᠢᠨ ᠡᠵᠡᠩᠨᠡᠯᠲᠡ ᠶᠢᠨ ᠡᠷᠦᠬᠡ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ᠂ ᠣᠯᠠᠨ ᠰᠠᠯᠠᠭ᠎ᠠ ᠮᠥᠴᠢᠷ ᠵᠣᠬᠢᠴᠠᠭᠤᠯᠤᠨ ᠬᠥᠳᠡᠯᠦᠯᠴᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠤᠭᠲᠠᠪᠤᠷᠢᠲᠠᠢ ᠠᠵᠢᠯ ᠲᠠᠢ ᠶᠢ ᠪᠠᠲᠤᠯᠠᠬᠤ ᠪᠠᠷ ᠭᠤᠤᠯ ᠬᠠᠷᠠᠯᠲᠠ ᠪᠣᠯᠭᠠᠨ᠂ ᠬᠠᠷᠢᠶ᠎ᠠ ᠲᠤᠭᠤᠷᠢᠭ ᠤᠨ ᠠᠷᠠᠳ  ᠠᠴᠠ ᠡᠷᠬᠢᠯᠡᠭᠰᠡᠨ ᠠᠵᠤ ᠠᠬᠤᠶᠢᠯᠠᠯ ᠵᠢᠴᠢ ᠬᠤᠪᠢ ᠶᠢᠨ ᠡᠵᠡᠩᠨᠡᠯᠲᠡ ᠶᠢᠨ ᠡᠷᠦᠬᠡ ᠶᠢ ᠬᠠᠪᠰᠤᠷᠤᠨ ᠰᠠᠶᠢᠨ ᠲᠡᠰᠢ ᠬᠦᠭᠵᠢᠭᠦᠯᠬᠦ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号