ᠰᠢᠨ᠎ᠡ ᠬᠤᠲᠠ ᠲᠣᠭᠤᠷᠢᠭ ᠤᠨ ᠳᠡᠳ᠋ ᠳᠠᠷᠤᠭ᠎ᠠ ᠤᠳᠤᠨ ᠨᠠᠷ ᠰᠠᠶᠢᠬᠠᠨ ᠲᠣᠭᠤᠷᠢᠭ ᠲᠤ ᠬᠦᠷᠴᠦ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠣᠭᠤᠷᠢᠨ ᠦᠵᠡᠭᠰᠡᠨ ᠪᠥᠭᠡᠳ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2020/10/23
      10 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠳᠡᠳ᠋ ᠳᠠᠷᠤᠭ᠎ᠠ ᠤᠳᠤᠨ ᠬᠤᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠲᠠᠨ ᠢ ᠵᠤᠬᠢᠶᠠᠨ ᠪᠠᠶᠢᠭᠤᠯᠵᠤ ᠰᠠᠶᠢᠬᠠᠨ ᠲᠣᠭᠤᠷᠢᠭ ᠤᠨ ᠸᠠᠨ ᠵᠧᠩ ᠱᠠᠩᠳᠤ ᠲᠣᠭᠤᠷᠢᠭ᠂ ᠬᠤᠸᠠ ᠱᠧᠩ ᠵᠢᠶᠠ ᠶᠤᠸᠠᠨ ᠲᠣᠭᠤᠷᠢᠭ ᠲᠤ ᠬᠦᠷᠴᠦ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠣᠭᠤᠷᠢᠨ ᠦᠵᠡᠭᠰᠡᠨ ᠪᠥᠭᠡᠳ ᠰᠣᠯᠢᠯᠴᠠᠨ ᠰᠤᠷᠤᠯᠴᠠᠪᠠ᠃ ᠲᠣᠭᠤᠷᠢᠨ ᠦᠵᠡᠬᠦ ᠶᠠᠪᠤᠴᠠ ᠳᠤ᠂ ᠲᠣᠭᠤᠷᠢᠨ ᠦᠵᠡᠬᠦ ᠳᠤᠭᠤᠶᠢᠯᠠᠩ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ᠂ ᠵᠢᠭᠦᠷ ᠤᠨ ᠬᠡᠷ ᠤᠨ ᠪᠠᠶᠢᠭᠤᠯᠤᠯᠲᠠ ᠵᠡᠷᠭᠡ ᠲᠠᠯ᠎ᠠ ᠪᠠᠷ ᠰᠠᠶᠢᠬᠠᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠠᠵᠢᠯᠯᠠᠭᠤᠯᠬᠤ ᠪᠠ ᠬᠠᠮᠢᠶᠠᠷᠬᠤ ᠵᠠᠭᠪᠤᠷ ᠢ ᠨᠠᠷᠢᠨ ᠣᠶᠢᠯᠠᠭᠠᠪᠠ᠃      ᠦᠵᠡᠭᠦᠯᠦᠯᠭᠡ ᠶᠢᠨ ᠰᠤᠷᠤᠯᠴᠠᠯᠭ᠎ᠠ ᠳᠠᠭᠤᠰᠤᠭᠰᠠᠨ ᠤ ᠳᠠᠷᠠᠭ᠎ᠠ᠂ ᠲᠣᠭᠤᠷᠢᠨ ᠦᠵᠡᠬᠦ ᠳᠤᠭᠤᠶᠢᠯᠠᠩ ᠰᠢᠨ᠎ᠡ ᠬᠤᠲᠠ ᠲᠣᠭᠤᠷᠢᠭ ᠤᠨ ᠪᠦᠯᠬᠦᠮᠳᠡᠯ ᠪᠠᠭ᠎ᠠ ᠲᠣᠭᠤᠷᠢᠭ ᠪᠠ ᠰᠢᠨ᠎ᠡ ᠬᠤᠲᠠ ᠲᠤᠭᠤᠷᠢᠭ ᠤᠨ ᠬᠤᠭ ᠨᠣᠪᠰᠢ ᠶᠢ ᠢᠯᠭᠠᠬᠤ ᠲᠥᠪ ᠲᠤ ᠬᠦᠷᠴᠦ ᠮᠠᠨ ᠤ ᠲᠤᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠨ᠎ᠡ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠹᠠᠨ ᠱᠣ᠋ ᠲᠣᠭᠤᠷᠢᠨ ᠦᠵᠡᠬᠦ ᠳᠤᠭᠤᠶᠢᠯᠠᠩ ᠤᠨ ᠪᠦᠷᠢᠯᠳᠦᠬᠦᠨ ᠳᠤ ᠰᠠᠭᠤᠭᠠᠯᠢ ᠠᠷᠠᠳ ᠤᠨ ᠵᠢᠵᠢᠭ ᠲᠤᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠦᠷᠨᠢᠭᠦᠯᠬᠦ ᠠᠵᠢᠯ ᠪᠠ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠵᠢᠴᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠷᠢᠯᠠᠬᠤ ᠲᠡᠷᠭᠡ ᠬᠥᠰᠬᠡ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠪᠠ      ᠲᠣᠭᠤᠷᠢᠨ ᠦᠵᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠤᠭᠤᠷᠢᠭ ᠤᠨ ᠳᠡᠳ᠋ ᠳᠠᠷᠤᠭ᠎ᠠ ᠤᠳᠤᠨ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠢᠯᠭᠠᠬᠤ ᠲᠦᠪ ᠤᠨ ᠬᠤᠷᠠᠯ ᠤᠨ ᠭᠡᠷ ᠲᠤ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠭᠰᠡᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠰᠤᠳᠤᠯᠤᠯᠲᠠ ᠬᠢᠵᠦ᠂ ᠬᠤᠷᠠᠯ ᠳᠡᠭᠡᠷ᠎ᠡ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠣᠳᠠᠲᠠᠶ ᠬᠠᠷᠢᠭᠤᠴᠠᠯᠭᠠᠲᠠᠨ ᠪᠠ ᠠᠬᠢᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠲᠣᠭᠤᠷᠢᠭ ᠤᠨ ᠳᠡᠳ᠋ ᠳᠠᠷᠤᠭ᠎ᠠ ᠤᠳᠤᠨ ᠵᠢᠭᠠᠵᠤ ᠭᠠᠷᠭᠠᠭᠰᠠᠨ ᠨᠢ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠣᠯ ᠬᠤᠲᠠ ᠶᠢᠨ ᠬᠠᠮᠢᠶᠠᠷᠤᠯᠲᠠ ᠶᠢᠨ ᠰᠠᠭᠤᠷᠢ ᠠᠵᠢᠯ ᠪᠣᠯᠤᠨ᠎ᠠ᠂ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠪᠦᠲᠦᠮᠵᠢᠲᠡᠶ ᠠᠬᠢᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠰᠢᠨ᠎ᠡ ᠬᠤᠲᠠ ᠶᠢ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号