ᠵᠠᠩ ᠶᠦᠩ ᠸᠧᠨ ᠲᠣᠰᠬᠠᠢ ᠰᠡᠳᠦᠪᠲᠦ ᠬᠤᠷᠠᠯ ᠬᠤᠷᠠᠯᠳᠣᠭᠤᠯᠵᠤ  ᠭᠤᠣᠯᠳᠠᠯᠭ᠎ᠠ ᠲᠠᠢ ᠲᠦᠷᠥᠯ ᠵᠦᠢᠯ ᠭᠤᠣᠯᠳᠠᠯᠭ᠎ᠠ ᠲᠠᠢ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠰᠣᠳᠣᠯᠪᠠ
ᠨᠡᠶᠢᠲᠡᠯᠡᠭᠰᠡᠨ ᠴᠠᠭ᠄
2020/10/23
     10 ᠳ᠋ᠤᠭᠠᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠠᠳᠠᠯᠵᠤ᠂ ᠰᠢᠢᠳᠪᠦᠷᠢᠯᠡᠬᠦ ᠠᠷᠭ᠎ᠠ ᠶᠢ ᠰᠣᠳᠣᠯᠪᠠ᠃ ᠲᠡᠷᠡ ᠴᠢᠬᠤᠯᠠᠴᠢᠯᠠᠭᠰᠠᠨ ᠨᠢ᠂ ᠪᠦᠬᠦ ᠲᠠᠯ᠎ᠠ ᠶᠢᠨ ᠦᠨᠳᠦᠷᠴᠡ ᠠᠴᠠ ᠪᠠᠶᠢᠳᠠᠯ ᠢ ᠵᠠᠳᠠᠯᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠣᠯᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠶ ᠡᠵᠡᠮᠰᠢᠨ᠂ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠰᠠᠭᠤᠳᠠᠯ ᠢ ᠢᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠰᠤᠳᠤᠯᠵᠤ᠂ ᠦᠨᠡᠨ ᠪᠣᠲᠠᠲᠠᠢ ᠠᠷᠭ᠎ᠠ ᠬᠡᠮᠵᠢᠶ᠎ᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠨ᠂ ᠲᠥᠷᠥᠯ ᠵᠦᠢᠯ ᠤᠨ ᠡᠨᠡ ᠬᠦ ︽ᠵᠠᠩᠭᠢᠯᠠᠭ᠎ᠠ︾ ︽ᠶᠡᠷᠦᠩᠬᠡᠶ ᠨᠡᠭᠡᠭᠡᠯᠭᠡ︾ ᠶᠢ ᠦᠨᠡᠨᠬᠦ ᠴᠢᠩᠭ᠎ᠠ ᠠᠳᠬᠤᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠰᠡᠨ ᠪᠠᠶᠢᠨ᠎ᠠ᠃      ᠬᠤᠷᠠᠯ ᠠᠴᠠ ᠰᠢ ᠪᠧᠶ ᠶᠡᠷᠦᠩᠬᠡᠶ ᠬᠡᠯᠲᠡᠰ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠪᠠᠶᠢᠳᠠᠯ ᠢ ᠰᠣᠨᠣᠰᠴᠤ᠂ ᠵᠧᠩ ᠳ᠋ᠠ ᠪᠣᠷᠳᠤᠭ᠎ᠠ ︵ᠬᠤᠷᠢᠨᠭᠡᠷ︶ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠣᠯᠲᠠ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠵᠢᠯ ᠤᠨ ᠡᠭᠦᠷᠭᠡ ᠪᠠᠨ ᠨᠢᠭᠡᠳ ᠨᠢᠭᠡ ᠪᠠᠷ ᠡᠮᠬᠢᠯᠡᠨ ᠲᠢᠭᠯᠡᠵᠦ᠂ ᠠᠰᠠᠭᠤᠳᠠᠯ ᠢ ᠨᠢᠭᠡ ᠨᠢᠭᠡ ᠪᠠᠷ ᠵᠣᠬᠢᠴᠠᠭᠤᠯᠣᠨ ᠰᠢᠢᠳᠪᠦᠷᠢᠯᠡᠵᠦ᠂ ᠬᠠᠷᠢᠭᠤᠴᠠᠯᠭᠠᠲᠤ ᠨᠢᠭᠡᠴᠡ ᠪᠠ ᠰᠢᠢᠳᠪᠦᠷᠢᠯᠡᠬᠦ ᠴᠠᠭ ᠬᠤᠭᠤᠴᠠᠭ᠎ᠠ ᠶᠢ ᠲᠣᠳᠣᠷᠬᠠᠶᠢᠯᠠᠬᠤ ᠶᠢᠨ ᠬᠠᠮᠲᠤ ᠳᠠᠷᠠᠭ᠎ᠠ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠣᠷᠠᠳᠪᠠ᠃      ᠵᠠᠩ ᠶᠦᠩ ᠸᠧᠨ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠮᠠᠨ ᠤ ᠰᠢᠶᠠᠨ ᠤ ᠭᠤᠤᠯᠳᠠᠯᠭ᠎ᠠ ᠲᠠᠢ ᠲᠦᠷᠥᠯ ᠵᠦᠢᠯ᠂ ᠭᠤᠤᠯᠳᠠᠯᠭ᠎ᠠ ᠲᠠᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ︽ᠬᠤᠣᠰ ᠣᠷᠴᠢᠯ︾ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠲᠠᠢ ᠢᠳᠡᠪᠬᠢᠲᠡᠶ ᠠᠭᠤᠰᠣᠯᠴᠠᠨ᠂ ᠬᠤᠷᠢᠨᠭᠡᠷ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ᠂ ᠵᠠᠮ ᠬᠠᠷᠢᠯᠴᠠᠭᠠᠨ ᠤ ᠳᠠᠪᠠᠭᠤᠯᠢᠭ ᠲᠠᠯ᠎ᠠ ᠶᠢ ᠪᠦᠲᠦᠮᠵᠢᠲᠡᠢ ᠪᠠᠳᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠮᠡᠭᠳᠡᠯ ᠢ ᠲᠣᠭᠲᠠᠪᠤᠷᠢᠵᠢᠭᠤᠯᠬᠤ ᠴᠢᠬᠤᠯᠠ ᠬᠦᠴᠦᠨ ᠪᠣᠯᠭᠠᠬᠤ ᠶᠢ ᠪᠠᠷᠢᠮᠲᠠᠯᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠤᠷᠢᠨᠭᠡᠷ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠪᠠᠷᠢᠯ ᠪᠣᠯᠭᠠᠨ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠪᠣᠳᠠᠲᠠᠢ ᠠᠵᠢᠯᠯᠠᠭ᠎ᠠ ᠪᠣᠯᠭᠠᠨ᠂ ᠡᠯ᠎ᠡ ᠵᠦᠢᠯ ᠤᠨ ᠲᠣᠭᠲᠠᠭᠰᠠᠨ ᠠᠵᠢᠯ ᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠣᠷᠢᠵᠢᠭᠤᠯᠬᠤ ᠬᠡᠷᠡᠭᠲᠡᠢ ᠭᠡᠵᠡᠢ᠃      ᠵᠠᠩ ᠶᠦᠩ ᠸᠧᠨ ᠴᠢᠬᠤᠯᠠᠴᠢᠯᠠᠭᠰᠠᠨ ᠨᠢ᠂ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ︽ᠳᠠᠭᠤᠳᠠᠪᠠᠯ ᠵᠠᠪᠠᠯ ᠳᠠᠭᠠᠬᠤ᠂ ᠤᠴᠢᠷ ᠦᠭᠡᠢ ᠪᠣᠯ ᠬᠠᠷᠰᠢᠯᠠᠬᠤ ᠦᠭᠡᠢ︾ ︽ᠳᠡᠯᠭᠡᠭᠦᠷ ᠤᠨ ᠵᠠᠷᠤᠴᠠ︾ ᠪᠣᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠳᠤ ᠰᠠᠶᠢᠨ ᠦᠢᠯᠡᠴᠢᠯᠡᠭᠡ ᠬᠠᠩᠭᠠᠬᠤ ᠦᠷ᠎ᠡ ᠠᠰᠢᠭ ᠤᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠭᠦᠷᠭᠡ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠬᠡ ᠳᠠᠩᠰᠠ ᠪᠠᠶᠢᠭᠤᠯᠤᠨ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠮᠥᠴᠡ ᠶᠢ ᠵᠠᠪᠳᠤᠨ᠂ ᠱᠠᠯᠠᠪᠳᠠᠨ ᠠᠳᠬᠤᠵᠤ ᠲᠦᠷᠭᠡᠨ ᠠᠵᠢᠯᠯᠠᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠲᠦᠷᠦᠯ ᠵᠦᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠢ ᠭᠡᠪᠡ᠃      ᠰᠢᠶᠠᠨ ᠤ ᠤᠳᠤᠷᠢᠳᠤᠯᠭ᠎ᠠ ᠾᠧ ᠹᠧᠩ᠂ ᠭᠦᠸᠧ ᠸᠧᠨ ᠵᠢᠶᠦ᠋ᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号