ᠥᠪᠥᠷ ᠮᠣᠩᠭᠤᠯ ᠤᠨ ᠡᠳᠦᠷ ᠤᠨ ᠰᠤᠨᠢᠨ ᠤ ᠮᠠᠲᠡᠭᠡ ︵ᠰᠤᠷᠪᠤᠯᠵᠢᠯᠠᠭᠴᠢ ᠪᠤᠤ ᠢᠤᠢ ᠶᠢᠩ︶ | ᠰᠤᠷᠪᠤᠯᠵᠢᠯᠠᠭᠴᠢ ᠬᠥᠬᠡᠬᠤᠲᠠ ᠶᠢᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ | ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠡᠬᠦᠲᠠᠨ ᠡᠮᠨᠡᠯᠬᠡ ᠳᠤ ᠤᠨᠴᠠᠭᠠᠢ ᠡᠮ ᠢ ᠬᠡᠷᠡᠭᠯᠡᠬᠦ | ᠬᠠᠮᠢᠶᠠᠷᠤᠯᠲᠠ ᠶᠢᠨ ᠠᠵᠢᠯ ᠤᠨ ᠲᠤᠬᠠᠢ ᠮᠡᠳᠡᠭᠲᠠᠯ︾ ᠤᠨ ᠵᠤᠷᠢᠭ ᠰᠠᠨᠠᠭ᠎ᠠ ᠶᠤᠰᠤᠭᠠᠷ᠂ ᠬᠦᠬᠡᠬᠤᠲᠠ ︽ᠬᠤᠲᠠ | ᠬᠦᠲᠡᠭᠡ ᠶᠢᠨ ᠰᠠᠭᠤᠭᠠᠯᠢ ᠠᠷᠠᠳ ᠤᠨ ᠡᠮ ᠡᠮᠨᠡᠯᠬᠡ ᠶᠢᠨ ᠳᠠᠭᠠᠳᠬᠠᠯ ᠤᠨ ᠡᠬᠦᠲᠠᠨ ᠡᠮᠨᠡᠯᠬᠡ ᠳᠤ ᠤᠨᠴᠠᠭᠠᠢ ᠡᠮ | ᠬᠡᠷᠡᠭᠯᠡᠬᠦ ᠬᠠᠮᠢᠶᠠᠷᠤᠯᠲᠠ ᠶᠢᠨ ᠠᠵᠢᠯ ᠤᠨ ᠲᠤᠬᠠᠢ ᠮᠡᠳᠡᠭᠲᠠᠯ︾ ᠪᠠ ︽ᠬᠡᠰᠡᠭ ᠡᠮ ᠤᠨ ᠵᠦᠢᠯ ᠢ ᠬᠤᠲᠠ | ᠪᠠᠯᠭᠠᠰᠤᠨ ᠤ ᠠᠵᠢᠯᠲᠠᠨ ᠠᠵᠢᠯᠴᠢᠨ ᠤ ᠦᠨᠲᠤᠰᠤᠨ ᠡᠮ ᠡᠮᠨᠡᠯᠬᠡ ᠶᠢᠨ ᠳᠠᠭᠠᠳᠬᠠᠯ ᠤᠨ ᠤᠨᠴᠠᠭᠠᠢ ᠤᠲᠠᠭᠠᠨ | ᠴᠢᠨᠠᠷᠲᠠᠢ ᠡᠪᠡᠳᠴᠢᠨ ᠢ ᠡᠬᠦᠲᠠᠨ ᠡᠮᠨᠡᠯᠬᠡ ᠳᠤ ᠡᠮᠨᠠᠨ ᠵᠠᠰᠠᠬᠤ ᠡᠪᠠᠳᠴᠢᠨ ᠤ ᠲᠥᠷᠥᠯ ᠤᠨ ᠬᠡᠪᠴᠢᠶᠠᠨ ᠳᠤ | ᠤᠷᠤᠭᠤᠯᠬᠤ ᠲᠤᠬᠠᠢ ᠮᠡᠳᠡᠭᠲᠠᠯ︾ ᠲᠠᠷᠤᠮᠠᠯᠯᠠᠨ ᠲᠠᠷᠬᠠᠭᠠᠵᠤ᠂ ᠦᠪᠠᠷᠲᠠᠬᠡᠨ ᠵᠠᠰᠠᠬᠤ ᠤᠷᠤᠨ ᠤ ᠨᠢᠬᠡᠲᠤᠬᠡᠷ | ᠪᠦᠯᠦᠭ ᠤᠨ ᠡᠬᠦᠲᠠᠨ ᠡᠮᠨᠡᠯᠬᠡ ᠳᠤ ᠬᠡᠷᠡᠭᠯᠡᠬᠦ 30 ᠵᠦᠢᠯ ᠤᠨ ᠤᠨᠴᠠᠭᠠᠢ ᠡᠮ ᠢ ᠦᠨᠳᠦᠰᠦᠨ ᠡᠮ ᠡᠮᠨᠡᠯᠬᠡ ᠶᠢᠨ | ᠲᠠᠭᠠᠳᠬᠠᠯ ᠤᠨ ᠲᠠᠩᠰᠠᠠ ᠠᠴᠠ ᠲᠠᠶᠢᠯᠬᠤ ᠬᠡᠪᠴᠢᠶᠠᠨ ᠳᠤ ᠤᠷᠤᠭᠤᠯᠪᠠ᠃ | ︽ᠮᠡᠳᠡᠭᠲᠠᠯ︾ ᠳᠤ᠂ ᠲᠠᠭᠠᠳᠬᠠᠯ ᠳᠤ ᠤᠷᠤᠭᠰᠠᠨ ᠡᠪᠠᠳᠴᠢᠲᠠᠨ ᠤ ᠲᠤᠭᠲᠠᠭᠰᠠᠨ ᠴᠡᠭ ᠤᠨ ᠡᠮ | ᠡᠮᠨᠡᠯᠬᠡ ᠶᠢᠨ ᠪᠠᠶᠢᠭᠤᠯᠤᠮᠵᠢ ᠶᠢᠨ ᠡᠬᠦᠲᠠᠨ ᠡᠮᠨᠡᠯᠬᠡ ᠳᠤ ᠡᠬᠦᠰᠦᠭᠰᠠᠨ᠂ ᠡᠮᠴᠢᠯᠡᠬᠡᠨ ᠤ ᠬᠡᠷᠡᠭᠴᠡᠭᠡ ᠳᠤ ᠨᠠᠶᠢᠴᠡᠭᠰᠠᠨ | ᠣᠨᠴᠠᠭᠠᠢ ᠬᠡᠷᠡᠭᠯᠡᠬᠦ ᠡᠮ ᠤᠨ ᠵᠠᠷᠤᠳᠠᠯ ᠢ ᠦᠨᠲᠤᠰᠤᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠦᠡᠭᠬᠦᠨ ᠤ | ᠲᠣᠭᠠᠴᠠᠭ᠎ᠠ ᠬᠢᠵᠤ ᠳᠠᠩᠰᠠᠨ ᠠᠴᠠ ᠲᠠᠶᠢᠯᠬᠤ ᠬᠡᠪᠴᠢᠶᠠᠨ ᠳᠤ ᠣᠷᠣᠭᠤᠯᠤᠨ᠎ᠠ᠃ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠭᠰᠡᠳ ᠤᠨ ᠵᠢᠯ ᠪᠦᠷᠢ ᠶᠢᠨ ᠡᠬᠦᠲᠠᠨ ᠡᠮᠨᠡᠯᠬᠡ ᠳᠤ | ᠬᠡᠷᠡᠭᠯᠡᠬᠦ ᠤᠨᠴᠠᠭᠠᠢ ᠡᠮ ᠤᠨ ᠳᠣᠰᠢᠶᠠᠬᠤ ᠰᠦᠢᠳᠭᠡᠯ ᠨᠢ 1000 ᠲᠦᠬᠦᠷᠢᠭ ᠠᠴᠠ ᠲᠠᠬᠡᠭᠰᠢ ᠪᠠᠶᠢᠪᠠᠯ᠂ | ᠦᠨᠲᠤᠰᠤᠨ ᠡᠮ ᠡᠮᠨᠡᠯᠬᠡ ᠶᠢᠨ ᠳᠠᠭᠠᠳᠬᠠᠯ ᠤᠨ ᠨᠢᠬᠡᠲᠤᠯᠲᠠᠢ ᠲᠦᠯᠤᠪᠵᠢᠭᠦᠯᠦᠭᠰᠡᠨ ᠰᠠᠭᠤᠷᠢ ᠮᠦᠡᠭᠬᠦ ᠠᠴᠠ | 80% ᠪᠠᠷ ᠳᠣᠰᠢᠶᠠᠨ ᠥᠭᠭᠦᠨ᠎ᠡ︔ ᠠᠭᠤᠰᠬᠢᠨ ᠤ ᠯᠤᠭᠰᠢᠭᠤᠨ ᠰᠤᠳᠠᠯ ᠤᠨ ᠦᠨᠲᠤᠷ ᠳᠠᠷᠤᠯᠲᠠ ᠵᠡᠷᠭᠡ | ᠤᠲᠠᠭᠠᠨ ᠴᠢᠨᠠᠷᠲᠠᠢ ᠡᠪᠡᠳᠴᠢᠨ ᠢ ᠡᠬᠦᠲᠠᠨ ᠡᠮᠨᠡᠯᠬᠡ ᠳᠤ ᠡᠮᠨᠠᠨ ᠵᠠᠰᠠᠬᠤ ᠬᠠᠷᠠᠭᠠᠯᠵᠠᠯ ᠤᠨ ᠪᠠᠷᠢᠮᠵᠢᠶ᠎ᠠ ᠶᠢ ︽ | ᠠᠭᠤᠰᠬᠢᠨ ᠤ ᠯᠤᠭᠰᠢᠭᠤᠨ ᠰᠤᠳᠠᠯ ᠤᠨ ᠦᠨᠲᠤᠷ ᠳᠠᠷᠤᠯᠲᠠ ᠶᠢᠨ ᠦᠨᠲᠤᠰᠤᠨ ᠡᠮᠴᠢᠯᠡᠬᠡᠨ ᠤ ᠳᠠᠭᠠᠳᠬᠠᠯ ᠤᠨ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢ ᠰᠢᠢᠳᠪᠦᠷᠢᠯᠡᠬᠦ ᠬᠤᠯᠪᠤᠭᠲᠠᠯ ᠪᠦᠬᠦᠢ ᠵᠦᠢᠯᠡᠰ ᠤᠨ | ᠲᠤᠬᠠᠢ ᠮᠡᠳᠡᠭᠲᠠᠯ︾ ᠶᠤᠰᠤᠭᠠᠷ ᠬᠡᠷᠡᠭᠵᠢᠬᠦᠯᠵᠤ᠂ ᠨᠢᠬᠡ ᠵᠢᠯ ᠤᠨ ᠲᠤᠲᠤᠷᠠᠬᠢ 1000 ᠲᠦᠬᠦᠷᠢᠭ ᠠᠴᠠ | ᠲᠡᠬᠡᠭᠰᠢᠬᠢ ᠲᠦᠷᠦ ᠶᠢᠨ ᠪᠣᠳᠣᠯᠭ᠎ᠠ ᠶᠢᠨ ᠬᠡᠪᠴᠢᠶᠠᠨ ᠲᠤᠲᠤᠷᠠᠬᠢ ᠵᠠᠷᠤᠳᠠᠯ ᠢ ᠨᠢ 80% ᠪᠠᠷ ᠳᠣᠰᠢᠶᠠᠨ ᠥᠭᠭᠦᠨ᠎ᠡ | ᠂ ᠵᠢᠯ ᠤᠨ ᠳᠣᠰᠢᠶᠠᠨ ᠦᠭᠬᠦ ᠪᠠᠷᠢᠮᠵᠢᠶ᠎ᠠ ᠨᠢ 10 ᠲᠦᠮᠠᠨ ᠲᠦᠬᠦᠷᠢᠭ᠂ ᠨᠢᠬᠡᠲᠤᠯᠲᠠᠢ ᠲᠥᠯᠥᠪᠵᠢᠭᠦᠯᠦᠭᠰᠡᠨ | ᠵᠠᠷᠤᠳᠠᠯ ᠢ ᠨᠢ ᠣᠨ ᠤ ᠰᠠᠭᠤᠷᠢ ᠮᠦᠡᠭᠬᠦ ᠠᠴᠠ ᠳᠣᠰᠢᠶᠠᠨ ᠦᠭᠬᠦ ᠬᠢᠵᠠᠭᠠᠷᠯᠠᠭᠰᠠᠨ ᠬᠡᠮᠵᠢᠶ᠎ᠡ ᠳᠤ ᠪᠤᠲᠤᠵᠤ | ᠣᠷᠣᠭᠤᠯᠤᠨ᠎ᠠ᠃ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠲᠤᠰᠤᠨ ᠡᠮ ᠡᠮᠨᠡᠯᠬᠡ ᠶᠢᠨ ᠳᠠᠭᠠᠳᠬᠠᠯ ᠳᠤ | ᠤᠷᠤᠯᠴᠠᠭᠰᠡᠳ ᠤᠨ ᠵᠢᠯ ᠪᠦᠷᠢ ᠶᠢᠨ ᠡᠬᠦᠲᠠᠨ ᠡᠮᠨᠡᠯᠬᠡ ᠳᠤ ᠬᠡᠷᠡᠭᠯᠡᠬᠦ ᠣᠨᠴᠠᠭᠠᠢ ᠡᠮ ᠤᠨ ᠡᠬᠢᠯᠡᠨ ᠰᠦᠢᠳᠭᠡᠯ | ᠳᠣᠰᠢᠶᠠᠬᠤ ᠪᠠᠷᠢᠮᠵᠢᠶ᠎ᠠ ᠨᠢ 400 ᠲᠦᠬᠦᠷᠢᠭ᠂ ᠡᠬᠢᠯᠡᠨ ᠰᠦᠢᠳᠭᠡᠯ ᠳᠣᠰᠢᠶᠠᠬᠤ ᠱᠤᠭᠤᠮ ᠠᠴᠠ ᠬᠡᠲᠤᠷᠡᠭᠰᠠᠨ | ᠬᠡᠰᠡᠭ ᠢ ᠨᠢ 65% ᠪᠠᠷ ᠲᠤᠰᠢᠶᠠᠨ ᠥᠭᠭᠦᠨ᠎ᠡ ᠬᠡᠵᠤ ᠲᠤᠭᠲᠠᠭᠠᠵᠠᠢ᠃ | |