ᠪᠤᠤ ᠭᠠᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ | ᠥᠪᠥᠷ ᠮᠣᠩᠭᠤᠯ ᠤᠨ ᠡᠳᠦᠷ ᠤᠨ ᠰᠣᠨᠢᠨ ᠤ ᠪᠤᠭᠤᠳᠤ ᠶᠢᠨ ᠮᠡᠳᠡᠭᠡ ︵ᠰᠤᠷᠪᠤᠯᠵᠢᠯᠠᠬᠴᠢ ᠯᠢᠶᠠᠩ ᠯᠢᠶᠠᠩ︶ | 10 ᠰᠠᠷ᠎ᠠ ᠶᠢᠨ 20 ᠤ ᠡᠳᠦᠷ ᠬᠦᠭᠡᠬᠤᠳᠠ᠂ ᠪᠤᠭᠤᠳᠤ᠂ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ | ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ | ᠬᠤᠷᠠᠯ ᠪᠤᠭᠤᠳᠤ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ | ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ | ᠬᠤᠷᠠᠯ ᠠᠴᠠ᠂ ᠬᠦᠭᠡ ᠤᠬᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠪᠤᠯ ᠪᠣᠬᠢᠷᠲᠤᠯ ᠢ ᠰᠡᠷᠭᠡᠶᠢᠯᠡᠨ ᠵᠠᠰᠠᠬᠤ | ᠪᠤᠭᠤᠮᠳᠠ ᠰᠢᠪᠳᠤᠯᠬᠤ ᠲᠠᠶᠢᠯᠠᠯᠳᠤᠭᠠᠨ ᠤ ᠭᠤᠣᠯᠳᠠᠯᠭ᠎ᠠ ᠲᠤᠳᠤᠷᠠᠬᠢ ᠭᠤᠣᠯᠳᠠᠯᠭ᠎ᠠ ᠮᠦᠨ᠂ ᠬᠦᠭᠡ | ᠤᠬᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠪᠤᠯ ᠡᠷᠬᠡᠪᠰᠢ ᠪᠠᠶᠠᠯᠡᠬᠦᠯᠬᠦ ᠤᠯᠤᠰ ᠲᠦᠷᠤ ᠶᠢᠨ ᠡᠬᠦᠷᠭᠡ ᠪᠣᠯᠣᠨ᠎ᠠ᠃ | ᠤᠳᠤᠬᠠᠨ ᠤ ᠲᠤᠯᠭᠠᠷᠠᠵᠤ ᠪᠠᠶᠢᠭ᠎ᠠ ᠪᠤᠳᠤᠯᠢᠶᠠᠨᠳᠠᠢ ᠪᠠᠶᠢᠳᠠᠯ ᠢ ᠬᠦᠨᠵᠡᠭᠡᠢ ᠲᠠᠨᠢᠵᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠳᠠᠯᠠᠨ᠂ ᠤᠯᠤᠰ ᠪᠠ ᠥᠪᠡᠷᠲᠡᠭᠡᠨ ᠵᠠᠰᠠᠬᠤ ᠤᠷᠤᠨ ᠤ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠬᠠᠤ ᠲᠤᠬᠠᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠡᠪᠦᠯ ᠤᠨ ᠤᠯᠠᠷᠢᠯ ᠤᠨ ᠰᠤᠯᠠ ᠨᠡᠬᠦᠷᠡᠰᠤ᠂ ᠠᠵᠤ ᠦᠢᠯᠡᠳᠪᠤᠷᠢ᠂ ᠤᠲᠤᠭ᠎ᠠ ᠲᠤᠭᠤᠰᠤ᠂ ᠮᠠᠰᠢᠨ ᠲᠡᠷᠭᠡᠨ ᠤ | ᠪᠣᠬᠢᠷᠲᠤᠯ ᠤᠨ ᠵᠠᠰᠠᠯᠲᠠ ᠶᠢ ᠲᠤᠪᠤᠶᠢᠯᠭᠠᠨ ᠰᠠᠶᠢᠳᠤᠷ ᠠᠳᠬᠤᠵᠤ᠂ ᠡᠰᠢ ᠰᠦᠷᠡᠯ ᠢ ᠵᠠᠳᠠᠭᠠᠢ | ᠰᠢᠳᠠᠭᠠᠬᠤ ᠪᠠ ᠬᠤᠸᠠᠷ ᠫᠤᠤᠵᠢᠩ ᠤᠨ ᠬᠠᠮᠢᠶᠡᠷᠤᠯᠳᠠ ᠶᠢ ᠴᠢᠩᠭᠠᠳᠬᠠᠵᠤ᠂ ᠪᠤᠬᠢᠷᠳᠤᠯ ᠪᠤᠳᠠᠰ ᠢ | ᠭᠠᠳᠠᠬᠰᠢᠯᠠᠭᠤᠯᠬᠤ ᠶᠢ ᠡᠬᠢ ᠡᠬᠦᠰᠤᠯ ᠠᠴᠠ ᠨᠢ ᠪᠠᠭᠠᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠥᠬᠡ ᠣᠭᠲᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠶᠢ ᠣᠯᠬᠤ ᠶᠢᠨ | ᠵᠠᠩᠭᠢᠯᠠᠭ᠎ᠠ ᠨᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠳᠡᠭᠡᠷ᠎ᠡ ᠬᠦᠴᠤ ᠤᠷᠤᠭᠤᠯᠬᠤ ᠭᠡᠷᠡᠭᠳᠠᠢ᠃ | ᠡᠯ᠎ᠡ ᠠᠶᠢᠮᠠᠭ ᠬᠤᠳᠠ ᠪᠤᠢ ᠪᠦᠬᠦᠢ ᠠᠭᠠᠷ ᠮᠠᠨᠳᠠᠯ ᠳᠤ ᠬᠤᠯᠪᠤᠬᠳᠠᠬᠤ ᠠᠵᠤ ᠠᠬᠤᠶᠢᠯᠠᠯ ᠢ ᠪᠠᠴᠢᠮ ᠪᠠᠶᠢᠳᠠᠯ ᠢ | ᠠᠷᠭᠠᠴᠠᠭᠠᠨ ᠭᠠᠳᠠᠬᠰᠢᠯᠠᠭᠤᠯᠬᠤ ᠶᠢ ᠪᠠᠭᠠᠰᠬᠠᠬᠤ ᠨᠠᠷᠢᠨ ᠲᠠᠩᠰᠠᠨ ᠳᠤ ᠤᠷᠤᠭᠤᠯᠵᠤ᠂ ︽ᠨᠢᠭᠡ ᠬᠤᠳᠠ ᠳᠤ ᠨᠢᠭᠡ | ᠲᠦᠰᠤᠯ︾᠂ ︽ᠨᠢᠭᠡ ᠦᠢᠯᠡᠳᠪᠤᠷᠢ ᠳᠤ ᠨᠢᠭᠡ ᠠᠷᠭ᠎ᠠ ᠪᠣᠳᠣᠯᠭ᠎ᠠ︾ ᠶᠢ ᠭᠡᠷᠡᠭᠵᠢᠬᠦᠯᠤᠨ᠂ ᠭᠠᠳᠠᠬᠰᠢᠯᠠᠭᠤᠯᠬᠤ ᠶᠢ | ᠪᠠᠭᠠᠰᠬᠠᠬᠤ ᠠᠷᠭ᠎ᠠ ᠬᠡᠮᠵᠢᠶ᠎ᠡ ᠶᠢᠨ ᠭᠡᠷᠡᠭᠵᠢᠬᠦᠯᠤᠬᠦᠰᠢᠳᠠᠢ᠂ ᠬᠢᠨᠠᠨ ᠬᠡᠮᠵᠢᠵᠤ ᠪᠤᠯᠬᠤ᠂ ᠬᠠᠷᠭᠤᠭᠤᠯᠤᠨ ᠪᠠᠶᠢᠴᠠᠭᠠᠵᠤ | ᠪᠤᠯᠬᠤ ᠶᠢ ᠦᠨᠡᠨ ᠬᠦ ᠪᠠᠳᠤᠯᠠᠬᠤ ᠭᠡᠷᠡᠭᠳᠠᠢ᠃ ᠬᠦᠨᠳᠤ ᠪᠤᠬᠢᠷᠳᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ | ᠪᠡᠯᠡᠳᠭᠡᠯ ᠲᠦᠰᠦᠯ ᠢ ᠰᠠᠶᠢᠳᠤᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠭᠠᠳᠠᠬᠰᠢᠯᠠᠭᠤᠯᠬᠤ ᠶᠢ | ᠪᠠᠭᠠᠰᠬᠠᠬᠤ ᠨᠢ ᠤᠨᠤᠪᠴᠢᠳᠠᠢ ᠪᠠᠶᠢᠬᠤ᠂ ᠤᠷᠢᠳᠴᠢᠯᠡᠨ ᠰᠡᠷᠡᠮᠵᠢᠯᠡᠬᠦᠯᠬᠦ nᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ | ᠠᠪᠬᠤ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠶᠢ | ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠬᠦᠯᠵᠤ᠂ ︽ᠪᠦᠷᠬᠦᠭ ᠡᠳᠦᠷ︾ ᠢ ︽ᠲᠤᠩᠭᠠᠯᠠᠭ ᠡᠳᠦᠷ︾ | ᠪᠤᠯᠭᠠᠬᠤ ᠪᠠᠷ ᠴᠢᠷᠮᠠᠶᠢᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠤᠨ ᠬᠠᠷᠠᠯᠳᠠ ᠡᠬᠦᠷᠭᠡ ᠶᠢ ᠪᠠᠶᠠᠯᠡᠬᠦᠯᠬᠦ ᠶᠢ | ᠦᠨᠡᠨ ᠬᠦ ᠪᠠᠳᠤᠯᠠᠬᠤ ᠭᠡᠷᠡᠭᠳᠠᠢ ᠭᠡᠵᠤ ᠱᠠᠭᠠᠷᠳᠠᠪᠠ᠃ | ᠬᠤᠷᠠᠯ ᠠᠴᠠ ᠪᠦᠬᠦ ᠤᠷᠤᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ | ᠬᠤᠯᠪᠤᠬᠳᠠᠯ ᠪᠦᠬᠦᠢ ᠪᠠᠶᠢᠳᠠᠯ ᠢ ᠵᠠᠷᠯᠡᠨ ᠮᠠᠳᠡᠭᠳᠡᠵᠤ᠂ ᠬᠤᠯᠪᠤᠬᠳᠠᠯ ᠪᠦᠬᠦᠢ ᠠᠶᠢᠮᠠᠭ ᠬᠤᠳᠠ ᠶᠢᠨ ᠵᠠᠰᠠᠭ ᠤᠨ | ᠣᠷᠳᠣᠨ ᠣᠷᠣᠰᠢᠵᠤ ᠪᠠᠶᠢᠭ᠎ᠠ ᠠᠰᠠᠭᠤᠳᠠᠯ ᠪᠠ ᠳᠠᠷᠠᠭᠠᠴᠢ ᠶᠢᠨ ᠠᠯᠬᠤᠮ ᠤᠨ ᠠᠷᠭ᠎ᠠ ᠬᠡᠮᠵᠢᠶ᠎ᠡ ᠶᠢᠨ ᠲᠤᠭᠤᠷᠢᠨ ᠳᠤ | ᠦᠭᠡ ᠬᠡᠯᠡᠪᠠ᠂ ᠬᠤᠷᠠᠯ ᠠᠴᠠ ᠪᠡᠰᠡ ᠬᠦᠨᠳᠤ ᠪᠤᠬᠢᠷᠳᠤᠯ ᠲᠠᠢ ᠴᠠᠭ ᠠᠭᠤᠷ ᠢ ᠤᠷᠢᠳᠴᠢᠯᠡᠨ ᠰᠡᠷᠡᠮᠵᠢᠯᠡᠬᠦᠯᠬᠦ ᠵᠢᠴᠢ | ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢᠨ ᠵᠢᠩᠬᠢᠨᠢ ᠪᠠᠶᠢᠯᠳᠤᠭᠠᠨ ᠤ ᠰᠣᠷᠢᠯᠲᠠ ᠶᠢ ᠵᠣᠬᠢᠶᠠᠨ | ᠪᠠᠶᠢᠭᠤᠯᠵᠤ ᠥᠷᠨᠢᠭᠦᠯᠪᠡ᠃ |