ᠬᠥᠬᠡᠬᠤᠲᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠪᠥᠬᠦ ᠬᠦᠴᠦᠨ ᠢᠶᠠᠷ ᠢᠶᠠᠨ ᠡᠬᠦᠳᠣᠨ ᠪᠠᠶᠢᠭᠤᠯᠪᠠ
ᠨᠡᠶᠢᠲᠡᠯᠡᠭᠰᠡᠨ ᠴᠠᠭ᠄
2020/10/23
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠠᠩ ᠼᠠᠢ ᠰᠢᠶᠠ︶ ᠬᠥᠬᠡᠬᠤᠲᠠ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠲᠣᠭᠲᠠᠴᠠ ᠶᠢᠨ ᠰᠢᠨ᠎ᠡ ᠶᠢ ᠡᠭᠦᠳᠬᠦ︾ ᠵᠠᠭᠪᠤᠷ ᠶᠣᠰᠣᠭᠠᠷ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠣᠷᠣᠯᠴᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠶᠠᠳᠠᠭᠤ ᠠᠴᠠ  ᠠᠩᠬᠢᠵᠢᠷᠠᠭᠤᠯᠵᠤ᠂ ᠪᠦᠬᠦ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠲᠠᠰᠤᠷᠠᠯᠲᠠ ᠦᠭᠡᠢ ᠨᠠᠷᠢᠯᠢᠭ ᠪᠣᠳᠠᠲᠠᠶ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠡᠭᠡᠳᠤ ᠪᠠᠷᠢᠮᠵᠢᠶ᠎ᠠ ᠲᠠᠢ᠂ ᠴᠢᠨᠠᠷ ᠰᠠᠶᠢᠲᠠᠢ ᠢᠯᠠᠯᠲᠠ ᠶᠢ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠡᠨᠡ ᠵᠢᠯ ᠠᠴᠠ ᠨᠠᠰᠢ᠂ ᠪᠥᠬᠦ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠣᠶᠢᠯᠡᠳᠬᠦᠨ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 2.13 ᠳ᠋ᠦᠩᠰᠢᠭᠤᠷ ᠲᠥᠭᠦᠷᠢᠭ ᠪᠣᠷᠣᠯᠠᠭᠤᠯᠵᠤ᠂ ᠨᠢᠳᠤᠨᠤᠨ ᠤ ᠪᠥᠬᠦ  ᠵᠢᠯ ᠤᠨ ᠪᠣᠷᠣᠯᠠᠭᠤᠯᠤᠯᠲᠠ ᠲᠠᠢ ᠬᠠᠷᠢᠴᠠᠭᠤᠯᠪᠠᠯ ᠬᠤᠶᠠᠷ ᠳᠠᠬᠢᠨ ᠨᠡᠮᠡᠭᠳᠡᠪᠡ᠃      ᠬᠥᠬᠡᠬᠤᠲᠠ ᠨᠢ ᠬᠡᠷᠡᠭᠯᠡᠭᠡ ᠪᠠᠷ ᠶᠠᠳᠠᠭᠤ ᠶᠢ ᠲᠡᠳᠬᠦᠬᠦ  ᠶᠢ  ᠶᠠᠳᠠᠭᠤ ᠬᠦᠴᠢᠷᠳᠡᠯᠲᠡᠶ ᠣᠯᠠᠨ ᠲᠦᠮᠡᠨ ᠢ  ᠲᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢᠨ ᠴᠢᠬᠤᠯᠠ ᠭᠠᠷᠳᠠᠴᠠ  ᠪᠣᠯᠭᠠᠬᠤ  ᠶᠢ  ᠪᠠᠷᠢᠮᠳᠠᠯᠠᠵᠣ᠂  ᠡᠭᠦᠨ ᠢᠶᠠᠨ ᠠᠵᠤ  ᠣᠶᠢᠯᠡᠰ ᠢᠶᠠᠷ ᠶᠠᠳᠠᠭᠤ ᠶᠢ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠨ ᠠᠷᠭ᠎ᠠ  ᠵᠠᠮ ᠪᠤᠯᠭᠠᠵᠠᠢ᠃ ︽ᠶᠢᠰᠦᠨ ᠵᠠᠩᠭᠢᠯᠠᠭ᠎ᠠ︾ ᠶᠢ ᠪᠣᠳᠠᠲᠠᠶᠢᠵᠢᠭᠤᠯᠬᠤ ᠪᠠᠷ ᠳᠠᠮᠵᠢᠭᠤᠯᠤᠨ᠂ ᠬᠡᠷᠡᠭᠯᠡᠭᠡ ᠪᠠᠷ  ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠪᠤᠢ ᠪᠤᠯᠭᠠᠬᠤ  ᠪᠠᠷ ᠬᠦᠴᠦᠯᠡᠪᠡ  ᠃ ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠰᠠᠷ᠎ᠠ︾ ᠶᠢᠨ ᠠᠵᠢᠯᠯᠠᠭ᠎ᠠ ᠪᠠᠷ ᠲᠣᠬᠢᠶᠠᠯ ᠪᠣᠯᠭᠠᠵᠤ᠂ ︽ᠨᠢᠭᠡ  ᠲᠦᠪ ᠢ ᠪᠠᠶᠢᠭᠤᠯᠤᠨ ᠬᠦᠴᠦᠷᠬᠡᠭᠵᠢᠭᠦᠯᠵᠦ᠂ ᠭᠤᠷᠪᠠᠨ ᠵᠦᠢᠯ ᠤᠨ  ᠬᠦᠳᠡᠯᠭᠡᠭᠡᠨ ᠥᠷᠨᠢᠭᠦᠯᠵᠦ᠂ ᠲᠠᠪᠤᠨ ᠶᠡᠭᠡ   ᠠᠵᠢᠯᠯᠠᠭ᠎ᠠ ᠶᠢ ᠬᠡᠷᠡᠭᠵᠢᠭᠦᠯᠬᠦ︾   ᠪᠠᠷ ᠣᠶᠢᠯᠡᠳᠬᠦᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢ  ᠨᠡᠪᠳᠡᠷᠡᠭᠦᠯᠵᠦ᠂  ᠪᠤᠷᠤᠯᠠᠭᠤᠯᠭ᠎ᠠ ᠶᠢᠨ ᠵᠠᠮ ᠢ ᠥᠷᠭᠡᠳᠬᠡᠵᠦ᠂ ᠣᠷᠣᠨ ᠪᠦᠰᠡ ᠶᠢᠨ ᠴᠢᠨᠠᠷᠲᠠᠶ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ  ᠲᠡᠮᠳᠡᠭ ᠢ ᠡᠭᠦᠳᠴᠤ᠂ ᠬᠤᠲᠠ ᠶᠢᠨ ︽ᠨᠤᠭᠤᠭ᠎ᠠ ᠴᠠᠭ᠎ᠠ︾᠂ ︽ᠪᠤᠳᠠᠭᠠᠨ ᠤᠭᠤᠲᠠ︾ ᠶᠢᠨ  ᠬᠦᠷᠦᠯᠴᠡᠭᠡᠲᠠᠢ ᠬᠠᠩᠭᠠᠯᠭ᠎ᠠ ᠪᠠ  ᠶᠠᠳᠠᠭᠤ ᠶᠢ ᠲᠡᠳᠬᠦᠬᠦ ᠠᠵᠤ ᠦᠢᠯᠡᠰ ᠤᠨ ᠡᠷᠡᠭᠦᠯ  ᠬᠦᠭᠵᠢᠯᠲᠡ ᠶᠢ ᠪᠡᠶᠡᠯᠡᠭᠦᠯᠵᠦ᠂ ᠬᠡᠷᠡᠭᠯᠡᠭᠡ ᠪᠠᠷ  ᠶᠠᠳᠠᠭᠤ ᠶᠢ ᠲᠡᠳᠬᠦᠬᠦ ᠳᠤ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠶᠢ  ᠤᠯᠤᠭᠰᠠᠨ ᠪᠠᠶᠢᠨ᠎ᠠ᠃    ︽ᠨᠢᠭᠡ ᠲᠥᠪ︾ ᠢ ᠪᠠᠶᠢᠭᠤᠯᠤᠨ ᠬᠦᠴᠦᠷᠬᠡᠭᠵᠢᠭᠦᠯᠪᠡ  ᠃ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢᠨ ᠴᠢᠬᠤᠯᠨ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ 1000 ᠲᠡᠭᠰᠢ ᠳᠥᠷᠪᠡᠯᠵᠢᠨ ᠮᠧᠲᠷ  ᠲᠠᠯᠠᠪᠠᠢ ᠪᠦᠬᠦᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠶᠠᠳᠠᠭᠤ ᠶᠢ ᠲᠡᠳᠬᠦᠬᠦ ᠦᠢᠯᠡᠳᠬᠦᠨ ᠢ ᠳᠡᠯᠭᠡᠨ ᠪᠣᠷᠣᠯᠠᠭᠤᠯᠬᠤ ᠲᠤᠭᠤᠷᠢᠭ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠰᠢᠭᠤᠳ  ᠨᠡᠪᠳᠡᠷᠡᠬᠦᠯᠭᠡ ᠪᠠᠷ  ᠪᠠᠷᠠᠭ᠎ᠠ ᠠᠪᠬᠤ ᠲᠣᠭᠤᠷᠢᠭ᠂  ᠪᠦᠲᠦᠭᠡᠭᠳᠡᠬᠦᠨ ᠤ ᠶᠠᠰᠤ  ᠴᠢᠨᠠᠷ  ᠢ ᠰᠢᠨᠵᠢᠵᠦ ᠦᠨᠡᠯᠡᠬᠦ ᠲᠤᠭᠤᠷᠢᠭ᠂ ᠲᠥᠪᠯᠡᠷᠡᠭᠦᠯᠦᠨ ᠤᠷᠤᠭᠤᠯᠵᠦ ᠭᠠᠷᠭᠠᠬᠤ ᠲᠣᠭᠤᠷᠢᠭ᠂ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢ ᠳᠠᠮᠵᠢᠭᠤᠯᠬᠤ ᠲᠤᠭᠤᠷᠢᠭ᠂ ᠵᠤᠭᠠᠴᠠᠯ ᠢᠶᠠᠷ ᠶᠠᠳᠠᠭᠤ ᠶᠢ ᠲᠡᠳᠬᠦᠬᠦ ᠶᠢ ᠳᠡᠯᠭᠡᠷᠡᠭᠦᠯᠬᠦ ᠲᠤᠭᠤᠷᠢᠭ᠂ ᠶᠠᠳᠠᠭᠤ ᠶᠢ  ᠲᠡᠳᠬᠦᠬᠦ ᠦᠷ᠎ᠡ ᠪᠦᠲᠦᠭᠡᠯ ᠢ ᠳᠡᠯᠭᠡᠨ ᠦᠵᠡᠭᠦᠯᠬᠦ ᠲᠤᠭᠤᠷᠢᠭ ᠵᠡᠷᠭᠡ ︽ᠨᠠᠢᠮᠠᠨ ᠶᠡᠭᠡ ᠣᠷᠣᠨ ᠲᠤᠭᠤᠷᠢᠭ︾  ᠪᠠᠶᠢᠭᠤᠯᠵᠤ᠂ ᠶᠠᠳᠠᠭᠤ ᠶᠢ ᠲᠡᠳᠬᠦᠬᠦ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠳᠡᠯᠭᠡᠨ ᠦᠵᠡᠭᠦᠯᠬᠦ᠂ ᠰᠦᠯᠵᠢᠶᠡᠨ ᠳᠡᠭᠡᠷ᠎ᠡ ᠠᠷᠠᠯᠵᠢᠶᠠᠯᠠᠬᠤ ᠪᠠ ᠰᠦᠯᠵᠢᠶᠡᠨ ᠭᠠᠳᠠᠨ᠎ᠠ ᠪᠡᠶᠡᠴᠢᠯᠡᠨ ᠣᠶᠢᠯᠠᠭᠠᠬᠤ᠂  ᠣᠶᠢᠯᠡᠳᠪᠣᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠡᠷᠭᠡ ︽ᠨᠢᠭᠡ ᠥᠷᠲᠡᠭᠡ ᠮᠠᠶ᠋ᠢᠭ︾ ᠤᠨ  ᠣᠶᠢᠯᠡᠴᠢᠯᠡᠭᠡ ᠶᠢ ᠪᠣᠶ ᠪᠣᠯᠭᠠᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ  ᠃    ︽ᠭᠤᠷᠪᠠᠨ  ᠵᠣᠶᠢᠯ ᠤᠨ  ᠬᠦᠳᠡᠯᠭᠡᠭᠡᠨ︾ ᠢ ᠦᠷᠨᠢᠭᠦᠯᠪᠡ᠃ ︽ᠬᠤᠳᠠᠯᠳᠤᠨ ᠠᠪᠬᠤ ᠶᠢ ᠲᠡᠷᠢᠭᠦᠨ ᠳᠤ ᠲᠠᠯᠪᠢᠬᠤ︾ ᠬᠦᠳᠡᠯᠭᠡᠭᠡᠨ᠂ ︽ᠬᠤᠳᠠᠯᠳᠤᠨ ᠠᠪᠬᠤ ᠪᠠᠷ ᠬᠠᠪᠰᠤᠷᠬᠤ ᠶᠢ ᠣᠷᠣᠯᠠᠭᠤᠯᠬᠤ︾ ᠬᠦᠳᠡᠯᠭᠡᠭᠡᠨ  ︽ ᠵᠤᠭᠠᠴᠠᠯ ᠤᠨ ᠬᠡᠷᠡᠭᠯᠡᠭᠡ︾ ᠶᠢᠨ ᠬᠦᠳᠡᠯᠭᠡᠭᠡᠨ  ᠦᠷᠨᠢᠭᠦᠯᠪᠠ᠃      ︽ᠲᠠᠪᠤᠨ ᠶᠡᠭᠡ ᠠᠵᠢᠯᠯᠠᠭ᠎ᠠ︾ ᠶᠢ  ᠶᠠᠪᠤᠭᠳᠠᠭᠤᠯᠪᠠ᠃ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾ ᠶᠢᠨ ᠠᠵᠢᠯᠯᠠᠭ᠎ᠠ ᠶᠢ ᠶᠡᠬᠡᠪᠡᠷ  ᠶᠠᠪᠤᠭᠳᠠᠭᠤᠯᠪᠠ᠃ ︽ᠬᠡᠷᠡᠭᠴᠡᠭᠡ ᠱᠠᠭᠠᠷᠳᠠᠯᠭ᠎ᠠ ᠶᠢ ᠲᠣᠭᠲᠠᠭᠠᠬᠤ︾ ᠠᠵᠢᠯᠯᠠᠭ᠎ᠠ ᠶᠢ ᠶᠡᠬᠡᠪᠡᠷ   ᠶᠠᠪᠤᠭᠳᠠᠭᠤᠯᠪᠠ᠃ ︽ᠬᠠᠩᠭᠠᠯᠭ᠎ᠠ ᠶᠢ ᠪᠠᠲᠤᠯᠠᠬᠤ ᠰᠢᠰᠲ᠋ᠧᠮ︾ ᠤᠨ ᠠᠵᠢᠯᠯᠠᠭ᠎ᠠ ᠶᠢ ᠶᠡᠬᠡᠪᠡᠷ   ᠶᠠᠪᠤᠭᠳᠠᠭᠤᠯᠪᠠ᠃ ︽ᠣᠶᠢᠯᠡᠳᠬᠦᠨ ᠢ ᠮᠠᠭᠠᠳᠯᠠᠨ ᠲᠣᠭᠲᠠᠭᠠᠬᠤ︾ ᠠᠵᠢᠯᠯᠠᠭ᠎ᠠ ᠶᠢ ᠶᠡᠬᠡᠪᠡᠷ  ᠶᠠᠪᠤᠭᠳᠠᠭᠤᠯᠪᠠ᠃ ︽ᠨᠠᠷᠠᠲᠤ ᠲᠡᠮᠳᠡᠭ ᠢ ᠳᠡᠭᠡᠭᠰᠢᠯᠡᠭᠦᠯᠬᠦ︾ ᠠᠵᠢᠯᠯᠠᠭ᠎ᠠ ᠶᠢ ᠶᠡᠬᠡᠪᠡᠷ   ᠶᠠᠪᠤᠭᠳᠠᠭᠤᠯᠪᠠ᠃       http://mongol.people.com.cn/15827439.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号