ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠦᠭᠡᠮ ᠬᠦᠴᠢᠯ ᠢ ᠭᠠᠷᠭᠠᠨ ᠠᠪᠬᠤ ᠦᠭᠡᠢ ᠪᠠᠷ ᠰᠢᠨ᠎ᠠ ᠲᠢᠲᠢᠮᠯᠢᠭ ᠸᠢᠷᠦ᠋ᠰ ᠤᠨ ᠰᠢᠯᠭᠠᠨ ᠪᠠᠶᠢᠴᠠᠭᠠᠯᠳᠠ ᠬᠢᠵᠦ ᠪᠤᠯᠬᠤ ᠢᠯᠭᠠᠷᠠᠭᠤᠯᠤᠬᠴᠢ ᠶᠢ ᠠᠮᠵᠢᠯᠲᠠ ᠲᠠᠢ ᠰᠤᠳᠤᠯᠤᠨ ᠦᠢᠯᠡᠳᠪᠡ
ᠨᠡᠶᠢᠲᠡᠯᠡᠭᠰᠡᠨ ᠴᠠᠭ᠄
2020/10/23
     ᠥᠪᠥᠷ ᠮᠣᠩᠭᠤᠯ ᠤᠨ ᠡᠳᠦᠷ ᠤᠨ ᠰᠣᠨᠢᠨ ᠤ 10 ᠰᠠᠷ᠎ᠠ ᠶᠢᠨ 21 ᠤ ᠡᠳᠦᠷ ᠤᠨ ᠮᠡᠳᠡᠭᠡ ︵ᠰᠤᠷᠪᠤᠯᠵᠢᠯᠠᠭᠴᠢ ᠪᠠᠶ ᠯᠢᠶᠠᠨ︶ ᠲᠦᠷᠦᠭᠦᠬᠡᠨ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠶᠢᠨ ᠨᠦᠸᠧ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠦᠭᠡᠮ ᠬᠦᠴᠢᠯ ᠢ ᠭᠠᠷᠭᠠᠨ ᠠᠪᠬᠤ ᠦᠭᠡᠢ ᠪᠠᠷ ᠡᠪᠡᠳᠴᠢᠨ ᠡᠭᠦᠰᠭᠡᠭᠴᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠭᠦ ᠰᠢᠨ᠎ᠡ ᠲᠢᠲᠢᠮᠯᠢᠭ ᠸᠢᠷᠦ᠋ᠰ ᠤᠨ ᠥᠯᠢᠭᠡᠷ ᠡᠳ᠋ ᠤᠨ ᠢᠯᠭᠠᠷᠠᠭᠤᠯᠤᠬᠴᠢ ᠶᠢ ᠠᠮᠵᠢᠯᠲᠠ ᠲᠠᠢ ᠰᠤᠳᠤᠯᠤᠨ ᠭᠠᠷᠭᠠᠪᠠ᠃ ᠰᠤᠳᠤᠯᠤᠨ ᠨᠡᠭᠡᠭᠡᠬᠦ ᠪᠦᠯᠬᠦᠮ ᠤᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠤ ᠦᠵᠡᠬᠦ ᠪᠠᠷ᠂ ᠲᠣᠰ ᠦᠷ᠎ᠡ ᠪᠦᠲᠦᠭᠡᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠴᠡᠶ ᠬᠡᠪᠡ᠃      ᠡᠨᠡᠬᠦ ᠦᠯᠢᠭᠡᠷ ᠡᠳ᠋ ᠤᠨ ᠢᠯᠭᠠᠷᠠᠭᠤᠯᠤᠬᠴᠢ ᠶᠢ ᠭᠤᠣᠯᠳᠠᠭᠤ ᠰᠢᠯᠭᠠᠨ ᠪᠠᠶᠢᠴᠠᠭᠠᠬᠤ ᠪᠠᠷ ᠪᠠᠶᠢᠭ᠎ᠠ ᠦᠯᠢᠭᠡᠷ ᠡᠳ᠋ ᠢ ᠤᠷᠢᠳᠴᠢᠯᠠᠨ ᠰᠢᠢᠳᠪᠦᠷᠢᠯᠡᠬᠦ ᠳᠤ ᠬᠡᠷᠡᠭᠯᠡᠵᠦ᠂ ᠦᠯᠢᠭᠡᠷ ᠡᠳ᠋ ᠲᠠᠬᠢ ᠰᠢᠯᠭᠠᠨ ᠪᠠᠶᠢᠴᠠᠭᠠᠬᠤ ᠪᠠᠷ ᠪᠠᠶᠢᠭ᠎ᠠ ᠪᠣᠳᠠᠰ ᠢ ᠢᠯᠭᠠᠷᠠᠭᠤᠯᠤᠨ ᠭᠠᠷᠭᠠᠵᠤ᠂ ᠪᠡᠶ᠎ᠡ ᠶᠢᠨ ᠭᠠᠳᠠᠨᠠᠬᠢ ᠣᠨᠣᠰᠢᠯᠠᠪᠤᠷᠢ ᠪᠤᠶᠤ ᠬᠡᠮᠵᠢᠭᠦᠷᠯᠢᠭ ᠢᠶᠠᠷ ᠤᠯᠠᠮ ᠨᠢᠭᠡ ᠠᠯᠬᠤᠮ ᠪᠠᠶᠢᠴᠠᠭᠠᠨ ᠰᠢᠯᠭᠠᠬᠤ ᠳᠤ ᠳᠥᠭᠦᠮ ᠪᠤᠯᠭᠠᠳᠠᠭ᠃      ᠡᠨᠡᠬᠦ ᠦᠯᠢᠭᠡᠷ ᠡᠳ᠋ ᠤᠨ ᠢᠯᠭᠠᠷᠠᠭᠤᠯᠤᠬᠴᠢ ᠨᠢ ᠸᠢᠷᠦ᠋ᠰ ᠤᠨ ᠬᠠᠯᠢᠰᠤ ᠶᠢᠨ ᠪᠦᠷᠢᠮᠦᠰᠦᠨ ᠬᠠᠭᠠᠷᠠᠵᠤ ᠵᠠᠳᠠᠷᠠᠬᠤ ᠶᠢ ᠪᠠᠲᠤᠯᠠᠵᠤ᠂ ᠵᠠᠳᠠᠯᠵᠤ ᠰᠤᠳᠤᠯᠬᠤ ᠠᠵᠢᠯᠲᠠᠨ ᠤ ᠠᠶᠤᠯ ᠦᠭᠡᠢ ᠪᠠᠶᠢᠬᠤ ᠶᠢ ᠪᠠᠲᠤᠯᠠᠪᠠ︔ ᠪᠥᠭᠡᠮ ᠬᠦᠴᠢᠯ ᠢ ᠭᠦᠢᠴᠡᠳ ᠢᠯᠭᠠᠷᠠᠭᠤᠯᠵᠤ᠂ ᠪᠥᠭᠡᠮ ᠬᠦᠴᠢᠯ ᠤᠨ ᠢᠰᠬᠡᠭᠦᠷ ᠢ ᠠᠷᠢᠯᠭᠠᠵᠤ᠂ ᠸᠢᠷᠦ᠋ᠰ ᠢ ᠪᠠᠶᠢᠴᠠᠭᠠᠨ ᠭᠠᠷᠭᠠᠬᠤ ᠨᠤᠷᠮ᠎ᠠ ᠶᠢ ᠳᠡᠭᠡᠭᠰᠢᠯᠡᠭᠦᠯᠪᠡ︔ ᠪᠥᠭᠡᠮ ᠬᠦᠴᠢᠯ ᠢ ᠭᠠᠷᠭᠠᠨ ᠠᠪᠬᠤ ᠴᠢᠬᠤᠯᠠ ᠦᠭᠡᠢ ᠪᠤᠯᠤᠬᠰᠠᠨ ᠢᠶᠠᠷ ᠭᠠᠷᠭᠠᠨ ᠠᠪᠬᠤ ᠶᠠᠪᠤᠴᠠ ᠳᠠᠬᠢ ᠦᠯᠢᠭᠡᠷ ᠡᠳ᠋ ᠤᠨ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠵᠦ ᠴᠢᠳᠠᠵᠠᠢ︔ ᠥᠪᠡᠷ ᠤᠨ ᠥᠷᠲᠡᠭ ᠨᠢ ᠨᠠᠩ ᠳᠣᠤᠷ᠎ᠠ ᠪᠤᠯᠵᠤ᠂ ᠭᠠᠷᠭᠠᠨ ᠠᠪᠬᠤ ᠠᠯᠬᠤᠮ ᠳᠠᠷᠠᠭ᠎ᠠ ᠶᠢ ᠬᠠᠰᠤᠵᠤ᠂ ᠰᠢᠯᠭᠠᠨ ᠪᠠᠶᠢᠴᠠᠭᠠᠬᠤ ᠥᠪᠡᠷ ᠤᠨ ᠥᠷᠲᠡᠭ ᠪᠠ ᠴᠠᠭ ᠤᠨ ᠥᠪᠡᠷ ᠤᠨ ᠥᠷᠲᠡᠭ ᠢ ᠪᠠᠭᠤᠷᠠᠭᠤᠯᠪᠠ᠃      ᠣᠳᠣᠬᠠᠨ ᠳᠤ᠂ ᠡᠨᠡᠬᠦ ᠦᠯᠢᠭᠡᠷ ᠡᠳ᠋ ᠤᠨ ᠢᠯᠭᠠᠷᠠᠭᠤᠯᠤᠬᠴᠢ ᠶᠢ ᠨᠢᠭᠡᠨᠲᠡ ᠭᠠᠳᠠᠭᠠᠳᠤ ᠳᠤ ᠭᠠᠷᠭᠠᠵᠤ᠂ ᠮᠠᠯᠠᠶᠢᠰᠢᠶ᠎ᠠ᠂ ᠫᠠᠺᠢᠰᠲ᠋ᠠᠨ ᠵᠡᠷᠭᠡ ᠤᠯᠤᠰ ᠪᠣᠯᠤᠨ ᠭᠠᠵᠠᠷ ᠣᠷᠣᠨ ᠳᠤ ᠪᠣᠷᠣᠯᠠᠭᠤᠯᠵᠤ ᠪᠠᠶᠢᠨ᠎ᠠ᠃http://mongol.people.com.cn/15827436.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号