ᠦᠪᠤᠷ ᠮᠤᠩᠭᠤᠯ ᠤᠨ 13 ᠠᠶᠢᠮᠠᠭ ᠬᠤᠲᠠ ᠬᠤᠰᠢᠭᠤ ᠰᠢᠶᠠᠨ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵  ᠰᠢᠶᠠᠨ︶ ᠪᠠᠷ ᠨᠡᠷᠡᠶᠢᠳᠦᠭᠳᠡᠪᠡ
ᠨᠡᠶᠢᠲᠡᠯᠡᠭᠰᠡᠨ ᠴᠠᠭ᠄
2020/10/23
     ᠦᠪᠤᠷ ᠮᠤᠩᠭᠤᠯ ᠤᠨ ᠡᠳᠤᠷ ᠤᠨ ᠰᠤᠨᠢᠨ ᠤ 10 ᠰᠠᠷ᠎ᠠ ᠶᠢᠨ 21 ᠤ ᠡᠳᠤᠷ ᠤᠨ ᠮᠡᠳᠡᠭᠡ  ︵ ᠰᠤᠷᠪᠤᠯᠵᠢᠯᠠᠭᠴᠢ  ᠾᠦᠸᠧ ᠰᠢᠶᠤᠤ ᠴᠢᠩ︶ 10 ᠰᠠᠷ᠎ᠠ ᠶᠢᠨ 20 ᠤ ᠡᠳᠤᠷ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ ᠰᠢᠶᠠᠨ︶ ᠶᠢ ᠨᠡᠷᠡᠶᠢᠳᠬᠦ ᠵᠢᠴᠢ ᠬᠤᠶᠠᠷ ᠢ ᠬᠦᠷᠢᠶᠡᠯᠡᠭᠰᠡᠨ ᠲᠡᠷᠢᠭᠦᠨ ᠤ ᠨᠢᠭᠡᠴᠡ ᠪᠤᠯᠤᠨ  ᠰᠠᠶᠢᠴᠤᠤᠯ ᠢ ᠰᠠᠶᠢᠰᠢᠶᠠᠨ ᠬᠦᠬᠢᠭᠦᠯᠬᠦ ᠶᠡᠭᠡ ᠬᠤᠷᠠᠯ ᠪᠡᠭᠡᠵᠢᠩ ᠳᠤ ᠶᠠᠪᠤᠭᠳᠠᠪᠠ᠃ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 13 ᠠᠶᠢᠮᠠᠭ ᠬᠤᠲᠠ ᠬᠤᠰᠢᠭᠤ ᠰᠢᠶᠠᠨ ᠰᠢᠨ᠎ᠡ ᠨᠢᠭᠡᠨ ᠬᠤᠭᠤᠴᠠᠭᠠᠨ ᠤ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ ᠰᠢᠶᠠᠨ︶ ᠶᠢᠨ ᠢᠷᠠᠭᠤ ᠠᠯᠳᠠᠷ ᠢ ᠬᠦᠷᠲᠡᠪᠡ᠃      ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 13 ᠠᠶᠢᠮᠠᠭ ᠬᠤᠲᠠ᠂ ᠬᠤᠰᠢᠭᠤ ᠰᠢᠶᠠᠨ ᠳᠤ ᠬᠦᠬᠡᠬᠤᠲᠠ᠂ ᠪᠤᠭᠤᠳᠤ ᠬᠤᠲᠠ᠂ ᠬᠦᠯᠤᠨ ᠪᠤᠶᠢᠷ ᠬᠤᠲᠠ᠂ ᠲᠦᠩᠯᠢᠶᠤᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂  ᠤᠷᠳᠤᠰ ᠬᠤᠲᠠ᠂ ᠪᠠᠶᠠᠨᠨᠠᠭᠤᠷ ᠬᠤᠲᠠ᠂ ᠦᠬᠠᠢ ᠬᠤᠲᠠ᠂ ᠮᠠᠨᠵᠤᠤᠷ ᠬᠤᠲᠠ᠂ ᠡᠷᠢᠶᠡᠨ ᠬᠤᠲᠠ᠂ ᠤᠯᠠᠭᠠᠨᠬᠤᠲᠠ᠂ ᠡᠷᠭᠦᠨ᠎ᠡ ᠬᠤᠰᠢᠭᠤ ᠪᠠᠭᠳᠠᠵᠦ ᠪᠤᠢ᠃ ᠡᠭᠦᠨ ᠠᠴᠠ ᠭᠠᠳᠠᠨ᠎ᠠ᠂ ᠡᠵᠡᠨ᠎ᠡ ᠬᠤᠰᠢᠭᠤᠨ ᠤ ᠳ᠋ᠦᠩ ᠹᠧᠩ ᠪᠠᠯᠭᠠᠰᠤ ᠨᠢ ᠪᠦᠬᠦ ᠤᠯᠤᠰ ᠤᠨ ᠤᠯᠤᠰ ᠢᠶᠠᠨ ᠬᠠᠶᠢᠷᠠᠯᠠᠵᠦ ᠴᠡᠷᠢᠭ ᠢᠶᠠᠨ ᠬᠦᠷᠢᠶᠡᠯᠡᠭᠰᠡᠨ ᠵᠢᠱᠢᠶᠡᠴᠢ ᠨᠢᠭᠡᠴᠡ ᠪᠠᠷ ᠰᠢᠯᠭᠠᠷᠠᠵᠦ᠂ ᠦᠪᠤᠷ ᠮᠤᠩᠭᠤᠯ ᠤᠨ ᠶᠢᠨ ᠬᠤ᠋ ᠯᠦ ᠲᠤᠮᠤ ᠳ᠋ᠠᠶᠢᠲ᠋ᠠ ᠶᠢᠨ ᠠᠵᠦ ᠦᠢᠯᠡᠰ ᠤᠨ ᠬᠢᠵᠠᠭᠠᠷᠳᠤ ᠺᠤᠮᠫᠠᠨᠢ ᠶᠢᠨ ᠶᠠᠷᠤᠩᠬᠡᠢ ᠵᠠᠬᠢᠷᠤᠯ ᠵᠠᠩ ᠯᠢ ᠵᠢᠶᠧ᠂ ᠪᠤᠭᠤᠳᠤ ᠬᠤᠲᠠ ᠶᠢᠨ ᠴᠡᠷᠢᠭ ᠤᠨ ᠬᠠᠩᠭᠠᠯᠭ᠎ᠠ  ᠶᠢᠨ ᠦᠷᠲᠡᠭᠡᠨ ᠤ ᠳᠠᠷᠤᠭ᠎ᠠ ᠸᠠᠩ ᠱᠤ᠋ ᠬᠤᠸᠠ ᠪᠦᠬᠦ ᠤᠯᠤᠰ ᠤᠨ ᠤᠯᠤᠰ ᠢᠶᠠᠨ ᠬᠠᠶᠢᠷᠠᠯᠠᠵᠦ ᠴᠡᠷᠢᠭ ᠢᠶᠠᠨ ᠬᠦᠷᠢᠶᠡᠯᠡᠭᠰᠡᠨ ᠵᠢᠱᠢᠶᠡᠴᠢ ᠪᠠᠷ  ᠰᠢᠯᠭᠠᠷᠠᠪᠠ᠃ ᠦᠪᠤᠷ ᠮᠤᠩᠭᠤᠯ   ᠳᠤ ᠰᠠᠭᠤᠭ᠎ᠠ 95861 ᠴᠡᠷᠢᠭ ᠠᠩᠭᠢ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠵᠤᠬᠢᠶᠠᠨ ᠪᠠᠶᠢᠭᠤᠯᠬᠤ ᠭᠠᠵᠠᠷ ᠨᠢ ᠪᠦᠬᠦ ᠤᠯᠤᠰ ᠤᠨ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠨᠢᠭᠡᠴᠡ ᠪᠠᠷ ᠰᠢᠯᠭᠠᠷᠠᠵᠦ᠂ ᠵᠠᠪᠰᠡᠭᠳᠤ ᠴᠠᠭᠳᠠᠭᠠᠨ ᠤ ᠦᠪᠤᠷ ᠮᠤᠩᠭᠤᠯ ᠤᠨ ᠶᠡᠷᠤᠩᠬᠡᠢ ᠠᠩᠭᠢ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠪᠠᠳᠤᠯᠠᠨ ᠬᠠᠮᠠᠭᠠᠯᠠᠬᠤ ᠭᠠᠵᠠᠷ   ᠤᠨ ᠠᠵᠢᠯᠲᠠᠨ ᠯᠢ ᠭᠧᠨ ᠪᠦᠬᠦ ᠤᠯᠤᠰ ᠤᠨ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠪᠠᠷ ᠰᠢᠯᠭᠠᠷᠠᠵᠠᠢ᠃      ᠤᠶᠢᠷ᠎ᠠ ᠶᠢᠨ ᠵᠢᠯ ᠤᠨ ᠲᠤᠷᠰᠢ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠯ᠎ᠡ ᠭᠠᠵᠠᠷ᠂ ᠡᠯ᠎ᠡ ᠴᠡᠷᠢᠭ ᠠᠩᠭᠢ᠂ ᠡᠯ᠎ᠡ ᠰᠠᠯᠠᠭ᠎ᠠ ᠮᠦᠴᠢᠷ ᠨᠢ ᠴᠡᠷᠢᠭ ᠢᠶᠠᠨ ᠬᠦᠷᠢᠶᠡᠯᠡᠵᠦ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠦ᠂ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ ᠰᠢᠶᠠᠨ︶ ᠶᠢ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠤᠯᠠᠮ ᠴᠢᠨᠠᠭᠰᠢᠲᠠ ᠨᠢᠭᠲᠠᠷᠠᠭᠤᠯᠤᠭᠠᠳ ᠦᠪᠡᠷᠲᠡᠭᠡᠨ ᠵᠠᠰᠠᠬᠤ ᠤᠷᠤᠨ ᠤ  ᠠᠵᠦ ᠠᠬᠤᠢ ᠨᠡᠶᠢᠭᠡᠮ   ᠢ ᠬᠦᠭᠵᠢᠭᠦᠯᠬᠦ᠂ ᠡᠬᠡ ᠤᠯᠤᠰ ᠤᠨ ᠤᠮᠠᠷᠠᠳᠤ ᠬᠢᠯᠢ  ᠶᠢᠨ ᠠᠮᠤᠷ ᠲᠤᠭᠲᠠᠭᠤᠨ ᠬᠠᠯᠬᠠᠪᠴᠢ ᠶᠢ ᠪᠠᠲᠤᠵᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃      ᠤᠶᠢᠯᠠᠭᠠᠭᠰᠠᠨ ᠢᠶᠠᠷ  ᠂ 1991 ᠤᠨ ᠠᠴᠠ ᠡᠬᠢᠯᠡᠨ᠂ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠭᠦᠯᠦᠭᠰᠡᠨ ᠠᠴᠠ ᠨᠠᠰᠢ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 18 ᠠᠶᠢᠮᠠᠭ ᠬᠤᠲᠠ᠂ ᠬᠤᠰᠢᠭᠤ ᠰᠢᠶᠠᠨ ᠤᠷᠢᠳ ᠬᠤᠵᠢᠳ ᠡᠨᠡᠬᠦ ᠤᠨᠴᠠᠭᠠᠢ ᠢᠷᠠᠭᠤ ᠠᠯᠳᠠᠷ ᠢ ᠬᠦᠷᠲᠡᠵᠦ᠂ ᠡᠭᠦᠨ ᠳᠤ ᠬᠦᠬᠡᠬᠤᠲᠡ᠂ ᠪᠤᠭᠤᠳᠤ ᠬᠤᠲᠠ᠂ ᠤᠯᠠᠭᠠᠨᠬᠠᠳᠠ ᠬᠤᠲᠠ ᠨᠢ  ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ ᠰᠢᠶᠠᠨ︶ ᠪᠠᠷ ᠶᠢᠰᠦ ᠤᠳᠠᠭ᠎ᠠ ᠨᠡᠷᠡᠶᠢᠳᠦᠭᠳᠡᠵᠦ ᠪᠠᠶᠢᠭ᠎ᠠ ᠶᠤᠮ᠃ http://mongol.people.com.cn/15827438.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号