ᠰᠢᠨ᠎ᠡ ᠬᠤᠲᠠ ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/26
      10 ᠳ᠋ᠤᠭᠠᠷ ᠰᠠᠷ᠎ᠠ ᠶᠢᠨ 23 ᠤ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ᠂ ᠲᠣᠭᠤᠷᠢᠭ ᠤᠨ ᠳᠠᠷᠤᠭ᠎ᠠ ᠹᠠᠨ ᡁᠢ ᠵᠦᠩ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠪᠦᠷᠢᠯᠳᠦᠬᠦᠨ ᠨᠢᠭᠡᠴᠡ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠥᠬᠡᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶ ᠳᠥᠯᠭᠢᠨ ᠠᠬᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠢ ᠣᠩᠰᠢᠨ ᠨᠡᠶᠢᠲᠡᠯᠡᠭᠰᠡᠨ ᠪᠦᠭᠡᠳ ᠰᠢᠨ᠎ᠡ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠪᠠ᠃ ᠨᠢᠭᠡ ᠳᠤ ᠬᠤᠭ ᠨᠣᠪᠰᠢ ᠶᠢ ᠲᠥᠷᠥᠯ ᠬᠤᠪᠢᠶᠠᠬᠤ ᠲᠣᠭᠲᠠᠴᠠ ᠪᠠᠶᠢᠭᠤᠯᠤᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠡᠭᠡᠳᠦ ᠬᠡᠮᠵᠢᠶ᠎ᠡ ᠪᠠᠷ ᠠᠬᠢᠭᠤᠯᠬᠤ ᠶᠢ ᠪᠠᠷᠢᠮᠲᠠᠯᠠᠨ᠎ᠠ︔ ᠬᠤᠶᠠᠷ ᠲᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠬᠠᠮᠵᠢᠯᠴᠠᠬᠤ ᠶᠢ ᠰᠠᠶᠢᠲᠤᠷ ᠠᠳᠬᠤᠬᠤ ᠬᠡᠷᠡᠭᠲᠡᠢ︔ ᠭᠤᠷᠪᠠ ᠳᠤ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ‍ ᠴᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠶᠢᠨ ᠬᠠᠮᠲᠤ ᠠᠮᠵᠢᠯᠲᠠ ᠣᠯᠤᠭᠰᠠᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠬᠤᠢ ᠲᠠᠯᠠᠪᠠᠢ ᠶᠢᠨ ᠠᠬᠢᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠦᠬᠦ ᠲᠤᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠳᠠᠶᠢᠴᠢᠯᠠᠨ ᠪᠦᠬᠦ ᠬᠤᠲᠠ ᠳᠤ ᠡᠮᠦᠨ᠎ᠡ ᠪᠠᠷ ᠨᠢ ᠶᠠᠪᠤᠵᠤ ᠦᠯᠢᠭᠡᠷ ᠳᠠᠭᠤᠷᠢᠶᠠᠯ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号