ᠬᠥᠬᠡᠬᠤᠲᠠ ᠳᠡᠭᠡᠳᠤ ᠬᠢᠷᠢ ᠲᠦᠪᠰᠢᠨ ᠪᠥᠬᠦᠶ ︽  ᠪᠥᠬᠦᠳᠡ ᠣᠯᠠᠨ ᠢᠶᠠᠷ ᠢᠶᠠᠨ ᠠᠳᠠᠯ ᠣᠶᠢᠯᠡᠰ ᠪᠣᠰᠬᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2020/10/26
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠡᠤ ᠽᠢ ᠰᠢᠤᠸᠠᠨ︶  ᠣᠶᠢᠷ᠎ᠠ ᠶᠢᠨ ᠵᠢᠯ ᠳᠤ᠂ ᠬᠥᠬᠡᠬᠤᠲᠠ ︽ᠪᠥᠬᠦᠳᠡ ᠣᠯᠠᠨ ᠢᠶᠠᠷ ᠢᠶᠠᠨ ᠠᠳᠠᠯ  ᠣᠶᠢᠯᠡᠰ ᠪᠣᠰᠬᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ  ︾ ᠠᠵᠢᠯ ᠢ ᠨᠡᠩ ᠳᠡᠭᠡᠳᠤ ᠲᠦᠪᠰᠢᠨ᠂ ᠨᠡᠩ ᠳᠡᠭᠡᠳᠦ ᠲᠡᠰ ᠳᠠᠪᠬᠤᠷᠭ᠎ᠠ ᠲᠡᠰᠢ ᠦᠷᠭᠦᠯᠵᠢᠯᠡᠨ ᠭᠦᠨᠵᠡᠭᠡᠢ ᠠᠬᠢᠭᠤᠯᠵᠤ᠂ ᠳᠡᠭᠡᠳᠤ ᠲᠦᠪᠰᠢᠨ ᠲᠠᠢ ︽ᠪᠥᠬᠦᠳᠡ ᠣᠯᠠᠨ ᠢᠶᠠᠷ ᠢᠶᠠᠨ ᠠᠳᠠᠯ ᠣᠶᠢᠯᠡᠰ ᠪᠣᠰᠬᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ᠃2019 ᠣᠨ ᠤ ᠰᠡᠭᠦᠯᠴᠢ ᠪᠣᠯᠲᠠᠯ᠎ᠠ᠂ ᠬᠥᠬᠡᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 311 ᠪᠣᠯᠵᠣ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃    ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠤᠯᠭᠠᠪᠠ᠃ ᠵᠠᠯᠭᠠᠭ᠎ᠠ ᠪᠠᠷ ᠨᠡᠶᠢᠲᠡᠯᠡᠭᠰᠡᠨ ︽︿ᠪᠥᠬᠦᠳᠡ ᠣᠯᠠᠨ ᠢᠶᠠᠷ ᠢᠶᠠᠨ ᠠᠳᠠᠯ ᠣᠶᠢᠯᠡᠰ ᠪᠣᠰᠬᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾᠂ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾᠂ ︽︿ᠬᠥᠬᠡᠬᠤᠲᠠ ᠶᠢᠨ ᠲᠣᠮᠣ ᠳ᠋ᠠᠶᠢᠲ᠋ᠠ  ᠶᠢ ᠬᠦᠭᠵᠢᠭᠦᠯᠦᠨ ᠠᠰᠢᠭᠯᠠᠬᠤ ᠲᠥᠷᠥ ᠶᠢᠨ ᠪᠣᠳᠣᠯᠭ᠎ᠠ ᠨᠤᠭᠤᠳ﹀ ᠢ ᠳᠠᠷᠤᠮᠠᠯᠯᠠᠨ ᠲᠠᠷᠬᠠᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠂ ︽ᠠᠳᠠᠯ ᠣᠶᠢᠯᠡᠰ  ᠪᠣᠰᠬᠠᠬᠤ ᠠᠴᠢᠶᠠᠯᠠᠪᠤᠷᠢ ᠶᠢ ᠬᠢᠵᠢᠭ ᠤᠨ ᠬᠤᠭᠤᠴᠠᠭᠠᠨ ᠳᠤ ᠪᠠᠯᠠ ᠮᠥᠩᠭᠦ ᠪᠠᠷ ᠲᠡᠳᠬᠦᠨ ᠳᠡᠮᠵᠢᠬᠦ ᠡᠷᠭᠦᠳᠡᠯ ᠤᠨ  ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠮᠡᠳᠡᠭᠳᠡᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠳ ᠨᠢ ᠰᠢᠨ᠎ᠡ ᠶᠢ ᠡᠭᠦᠳᠦᠨ ᠣᠶᠢᠯᠡᠰ ᠪᠣᠰᠬᠠᠬᠤ ᠬᠥᠭᠵᠢᠯᠲᠡ ᠶᠢ ᠠᠬᠢᠭᠤᠯᠬᠤ ᠳᠤ ᠲᠥᠷᠥ ᠶᠢᠨ ᠪᠣᠳᠣᠯᠭ᠎ᠠ ᠶᠢᠨ ᠰᠠᠶᠢᠨ ᠰᠠᠶᠢᠬᠠᠨ ᠣᠷᠴᠢᠨ ᠢ ᠡᠭᠦᠳᠴᠤ ᠦᠭᠪᠡ᠃ ᠢᠯᠠᠩᠭᠤᠶ᠎ᠠ ᠬᠢᠵᠢᠭ ᠤᠨ ᠬᠤᠭᠤᠴᠠᠭᠠᠨ ᠳᠤ ᠵᠣᠬᠢᠴᠠᠩᠭᠤᠶ ᠲᠥᠷᠥ ᠶᠢᠨ ᠪᠣᠳᠣᠯᠭ᠎ᠠ ᠲᠣᠭᠲᠠᠭᠠᠵᠤ᠂ ᠠᠳᠠᠯ  ᠣᠶᠢᠯᠡᠰ   ᠪᠣᠰᠬᠠᠬᠤ ᠰᠢᠨ᠎ᠡ ᠶᠢ ᠡᠭᠦᠳᠬᠦ ᠳᠤ ᠬᠦᠴᠦᠲᠡᠶ ᠪᠠᠲᠤᠯᠠᠭ᠎ᠠ ᠬᠠᠩᠭᠠᠪᠠ᠃    ᠲᠥᠷᠥᠯ ᠵᠦᠢᠯ ᠤᠨ ᠨᠥᠭᠡᠴᠡ ᠶᠢ ᠡᠷᠴᠢᠮᠵᠢᠭᠦᠯᠵᠦ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ  ᠳᠤ ᠬᠦᠴᠦᠨ ᠨᠡᠮᠡᠷᠢᠯᠡᠪᠡ᠃ ᠣᠳᠣᠬᠠᠨ ᠪᠣᠯᠲᠠᠯ᠎ᠠ᠂ ᠬᠥᠬᠡᠬᠤᠲᠠ ᠲᠡᠬᠡᠳᠣ ᠮᠡᠷᠭᠡᠵᠢᠯ ᠤᠨ ᠠᠵᠤ ᠦᠢᠯᠡᠰ ᠤᠨ ᠬᠦᠷᠢᠶᠡᠨ ᠤ 83 ᠭᠤᠣᠯᠳᠠᠯᠭ᠎ᠠ ᠲᠠᠢ ᠲᠥᠷᠥᠯ ᠵᠦᠢᠯ ᠢ ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 1722.99 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠰᠢᠨ᠎ᠡ ᠪᠠᠷ ᠪᠠᠶᠢᠭᠤᠯᠣᠭᠰᠠᠨ ᠲᠥᠷᠥᠯ ᠵᠦᠢᠯ 69 ᠪᠠᠶᠢᠵᠤ᠂  ᠰᠡᠯᠪᠢᠨ‌‍ᠪᠠᠶᠢᠭᠤᠯᠤᠭᠰᠠᠨ ᠲᠥᠷᠥᠯ ᠵᠦᠢᠯ 14 ᠪᠠᠶᠢᠨ᠎ᠠ᠃ ᠡᠳᠡᠭᠡᠷ ᠨᠢ  ᠲᠣᠮᠣ ᠳ᠋ᠠᠶᠢᠲ᠋ᠠ ᠶᠢᠨ ᠠᠵᠤ  ᠣᠶᠢᠯᠡᠰ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠣᠶᠢᠯᠡᠳᠬᠦ ᠠᠵᠦ ᠣᠶᠢᠯᠡᠰ᠂ ᠡᠨᠧᠷᠭᠢ  ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠣᠶᠢᠯᠡᠰ᠂ ᠰᠢᠨ᠎ᠡ ᠮᠠᠲ᠋ᠧᠷᠢᠶᠠᠯ ᠤᠨ ᠠᠵᠤ  ᠣᠶᠢᠯᠡᠰ᠂ ᠠᠮᠢᠳᠤ ᠪᠣᠳᠠᠰ ᠤᠨ ᠠᠵᠤ ᠣᠶᠢᠯᠡᠰ᠂ ᠰᠢᠨ᠎ᠡ ᠡᠨᠧᠷᠭᠢ ᠶᠢᠨ ᠠᠵᠤ ᠣᠶᠢᠯᠡᠰ᠂ ᠳᠡᠭᠡᠳᠦ ᠮᠡᠷᠭᠡᠵᠢᠯ ᠤᠨ ᠣᠶᠢᠯᠡᠴᠢᠯᠡᠭᠡᠨ ᠤ ᠠᠵᠦ ᠣᠶᠢᠯᠡᠰ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠵᠤ᠂ ᠰᠢᠨ᠎ᠡ   ᠶᠢ ᠡᠭᠦᠳᠬᠦ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠴᠠ ᠲᠠᠰᠤᠷᠠᠯᠲᠠ ᠦᠭᠡᠢ ᠴᠢᠩᠭᠠᠷᠠᠵᠤ᠂ 2019 ᠣᠨ ᠤ ᠡᠴᠦᠰ ᠪᠤᠯᠬᠤ ᠳᠤ ᠬᠥᠬᠡᠬᠤᠲᠠ ᠶᠢᠨ ᠲᠡᠭᠡᠳᠣ ᠰᠢᠨ᠎ᠡ ᠮᠡᠷᠭᠡᠵᠢᠯ ᠤᠨ ᠠᠵᠤ ᠠᠬᠤᠶᠢᠯᠠᠯ 311 ᠪᠣᠯᠵᠤ᠂ ᠥᠪᠡᠷᠲᠡᠭᠡᠨ ᠵᠠᠰᠠᠬᠤ ᠣᠷᠣᠨ  ᠤ ᠡᠮᠦᠨ᠎ᠡ ᠡᠩᠨᠡᠭᠡᠨ ᠳᠤ ᠣᠷᠣᠪᠠ᠃  ᠥᠪᠡᠷᠲᠡᠭᠡᠨ ᠵᠠᠰᠠᠬᠤ ᠣᠷᠣᠨ ᠤ ︽ᠪᠥᠬᠦᠳᠡ ᠣᠯᠠᠨ ᠢᠶᠠᠷ ᠢᠶᠠᠨ ᠠᠳᠠᠯ ᠣᠶᠢᠯᠡᠰ ᠪᠣᠰᠬᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠬᠥᠬᠡᠬᠤᠲᠠ ᠳᠤ 4 ᠪᠠᠶᠢᠵᠤ᠂ ᠪᠥᠬᠦ ᠣᠷᠣᠨ ᠤ ︽ᠪᠥᠬᠦᠳᠡ ᠣᠯᠠᠨ ᠢᠶᠠᠷ ᠢᠶᠠᠨ ᠠᠳᠠᠯ ᠣᠶᠢᠯᠡᠰ ᠪᠣᠰᠬᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ 1/5 ᠶᠢ ᠡᠵᠡᠯᠡᠪᠡ᠃ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ 1᠂ ᠤᠯᠤᠰ ᠤᠨ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ 5᠂ ᠤᠯᠤᠰ ᠪᠠ ᠣᠷᠣᠨ ᠨᠤᠲᠤᠭ ᠬᠠᠮᠳᠣᠷᠠᠨ  ᠪᠠᠶᠢᠭᠤᠯᠣᠭᠰᠠᠨ ᠢᠨᠵᠧᠨᠧᠷᠢᠩ ᠤᠨ ᠲᠤᠷᠰᠢᠯᠲᠠ ᠶᠢᠨ ᠲᠠᠰᠤᠭ 3  ᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ ᠰᠤᠳᠤᠯᠭᠠᠨ ᠤ ᠲᠥᠪ 12 ᠪᠣᠶ᠃http://mongol.people.com.cn/15827526.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号