ᠸᠠᠩ ᠯᠢ ᠰᠢᠶᠠ᠄ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠨᠠᠰᠤᠲᠠᠶᠢᠴᠤᠳ ᠤᠨ ᠥᠲᠡᠯᠦᠭᠡ ᠨᠠᠰᠤ ᠶᠢ ᠨᠢ ᠵᠣᠯ ᠵᠢᠷᠭᠠᠯᠳᠠᠢ ᠦᠩᠭᠡᠷᠡᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2020/10/26
         ᠪᠢᠯᠢᠭ ᠤᠨ ᠤᠯᠠᠷᠢᠯ ᠤᠨ ᠶᠢᠰᠦᠨ ᠰᠠᠷ᠎ᠠ ᠶᠢᠨ ᠶᠢᠰᠦᠨ ᠤ ᠪᠠᠶᠠᠷ ᠪᠣᠯᠬᠤ ᠲᠠᠰᠢᠷᠠᠮ ᠢᠶᠠᠷ᠂ 10 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠪᠣᠯᠭᠤᠭᠠᠨ ᠲᠣᠬᠤᠨᠢᠭᠤᠯᠵᠤ᠂ ᠪᠥᠬᠦ ᠬᠤᠲᠠ ᠶᠢᠨ ᠨᠠᠰᠤᠲᠠᠶᠢᠴᠤᠳ ᠤᠨ ᠠᠮᠢᠳᠤᠷᠠᠯ ᠪᠠᠶᠠᠷ ᠬᠥᠷ ᠲᠠᠢ᠂ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠵᠡᠢ᠃      ᠢᠦᠶ ᠴᠢᠤᠸᠠᠨ ᠲᠣᠭᠤᠷᠢᠭ ᠤᠨ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠺᠠᠩ ᠯᠧ ᠨᠡᠶᠢᠭᠡᠮ ᠲᠣᠭᠤᠷᠢᠭ ᠲᠤ᠂ ᠸᠠᠩ ᠯᠢ ᠰᠢᠶᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠭᠠᠵᠠᠷ ᠤᠷᠤᠵᠤ᠂ ᠨᠠᠰᠤᠳᠠᠶᠢᠴᠤᠳ ᠲᠤ ᠦᠢᠯᠡᠴᠢᠯᠡᠬᠦ ᠬᠤᠭᠤᠯᠠᠨ ᠭᠡᠷ᠂ ᠰᠢᠲᠠᠷ᠎ᠠ ᠶᠢᠨ ᠭᠡᠷ᠂ ᠬᠥᠳᠡᠯᠭᠡᠭᠡᠨ ᠤ ᠭᠡᠷ᠂ ᠡᠷᠡᠭᠦᠯᠵᠢᠯ ᠵᠠᠰᠠᠯ ᠤᠨ ᠭᠡᠷ ᠵᠡᠷᠭᠡ ᠶᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠠᠵᠢᠯ ᠤᠨ ᠬᠦᠷᠢᠶ᠎ᠡ ᠬᠡᠪᠴᠢᠶ᠎ᠡ᠂ ᠠᠵᠢᠯᠯᠠᠭᠠᠨ ᠤ ᠪᠠᠶᠢᠳᠠᠯ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ᠂ ᠢᠦᠶ ᠴᠢᠤᠸᠠᠨ ᠲᠣᠭᠤᠷᠢᠭ ᠤᠨ ᠤᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠵᠢᠴᠢ ᠭᠡᠷ ᠪᠦᠯᠢ ᠶᠢᠨ ᠤᠶᠤᠨᠴᠢ ᠠᠰᠠᠷᠠᠨ ᠬᠠᠷᠠᠭᠠᠯᠴᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠰᠣᠨᠣᠰᠪᠠ᠃      ᠳᠠᠷᠠᠭ᠎ᠠ ᠨᠢ᠂ ᠸᠠᠩ ᠯᠢ ᠰᠢᠶᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠦᠳᠡᠯᠭᠡᠭᠡᠨ ᠤ ᠭᠡᠷ ᠲᠤ ᠬᠦᠷᠪᠡ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠬᠢᠨ ᠶᠠᠭ ᠠᠳᠡ ︽ ᠶᠢᠰᠦᠨ ᠰᠠᠷ᠎ᠠ ᠶᠢᠨ ᠶᠢᠰᠦᠨ ᠤ ᠪᠠᠶᠠᠷ · ᠨᠠᠰᠤᠲᠠᠶᠢᠴᠤᠳ ᠢᠶᠠᠨ ᠬᠦᠨᠳᠦᠯᠡᠬᠦ ᠭᠦᠨ ᠵᠤᠵᠠᠭᠠᠨ ᠬᠠᠶᠢᠷ᠎ᠠ︾ ᠭᠡᠬᠦ ᠬᠠᠮᠲᠤᠷᠠᠭᠰᠠᠨ ᠨᠠᠶᠢᠷ ᠬᠢᠵᠦ ᠪᠠᠶᠢᠪᠠ᠃ ᠸᠠᠩ ᠯᠢ ᠰᠢᠶᠠ ᠨᠠᠰᠤᠳᠠᠳ ᠲᠠᠢ ᠲᠤᠳᠤᠨᠤᠰᠤᠭ ᠢᠶᠠᠷ ᠶᠠᠷᠢᠯᠴᠠᠵᠤ᠂ ᠣᠯᠠᠨ ᠤ ᠪᠡᠶ᠎ᠡ ᠲᠡᠩᠬᠡᠬᠡ᠂ ᠠᠮᠢᠳᠤᠷᠠᠯ ᠤᠨ ᠪᠠᠶᠢᠳᠠᠯ ᠢ ᠠᠰᠠᠭᠤᠵᠤ᠂ ᠨᠠᠰᠤᠳᠠᠳ ᠲᠠᠢ ᠬᠠᠮᠲᠤ ᠪᠣᠭᠤᠷᠰᠤᠭ ᠬᠡᠷᠴᠢᠵᠦ᠂ ᠵᠦᠩᠨᠡᠯ ᠢᠶᠠᠨ ᠲᠡᠪᠰᠢᠭᠦᠯᠵᠡᠢ᠃ ᠸᠠᠩ ᠯᠢ ᠰᠢᠶᠠ ᠬᠡᠯᠡᠭᠰᠡᠨ ᠨᠢ᠂ ᠨᠠᠰᠤᠲᠠᠨ ᠢᠶᠠᠨ ᠬᠦᠨᠳᠦᠳᠬᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠪᠣᠯ ᠲᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠡᠷᠬᠢᠮ ᠰᠤᠷᠲᠠᠯ᠃ ᠥᠨᠥᠳᠦᠷ ᠠᠳᠡ ᠢᠷᠡᠭᠰᠡᠨ ᠨᠢ ᠣᠯᠠᠨ ᠢ ᠡᠷᠭᠢᠵᠦ ᠦᠵᠡᠬᠦ ᠪᠠᠷ ᠢᠷᠡᠵᠡᠢ᠂ ᠨᠠᠰᠤᠲᠠᠨ ᠪᠦᠭᠦᠳᠡᠭᠡᠷ ᠰᠡᠳᠬᠢᠯ ᠰᠠᠨᠠᠭ᠎ᠠ ᠪᠠᠶᠠᠷ ᠬᠥᠷ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠵᠥᠩᠨᠡᠶ᠎ᠡ᠃ ᠳᠠᠷᠠᠭᠠᠴᠢ ᠶᠢᠨ ᠠᠯᠬᠤᠮ ᠳᠤ ᠪᠢᠳᠡ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠴᠡᠯ ᠢ ᠤᠯᠠᠮ ᠨᠢᠭᠡ ᠠᠯᠬᠤᠮ ᠲᠡᠭᠡᠭᠰᠢᠯᠡᠭᠦᠯᠦᠨ ᠰᠠᠶᠢᠵᠢᠷᠠᠭᠤᠯᠵᠤ᠂ ᠨᠠᠰᠤᠳᠠᠶᠢᠴᠤᠳ ᠢ ᠨᠠᠩ ᠠᠭᠤᠵᠢᠮ ᠰᠠᠷᠠᠭᠤᠯ ᠲᠠᠯᠠᠪᠤᠷ ᠲᠤ ᠬᠥᠳᠡᠯᠭᠡᠭᠡᠨ ᠬᠢᠯᠭᠡᠵᠦ᠂ ᠨᠠᠩ ᠲᠠᠭᠠᠯᠠᠮᠵᠢᠲᠠᠶ ᠤᠷᠴᠢᠨ ᠳᠤ ᠠᠮᠢᠳᠤᠷᠠᠭᠤᠯᠤᠨ᠎ᠠ ᠭᠡᠵᠡᠢ᠃      ᠪᠠᠶᠢᠴᠠᠭᠠᠨ ᠰᠤᠳᠤᠯᠤᠯᠲᠠ ᠶᠢᠨ ᠳᠤᠮᠳᠠ ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠰᠤᠲᠠᠶᠢᠴᠤᠳ ᠢ ᠬᠠᠯᠠᠮᠵᠢᠯᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠨᠠᠰᠤᠲᠠᠶᠢᠴᠤᠳ ᠤᠨ ᠥᠲᠡᠯᠦᠭᠡ ᠨᠠᠰᠤ ᠪᠠᠨ ᠵᠣᠯ ᠵᠢᠷᠭᠠᠯᠳᠠᠢ ᠦᠩᠭᠡᠷᠡᠭᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠪᠠᠷ ᠴᠢᠷᠮᠠᠶᠢᠵᠤ᠂ ᠨᠠᠰᠤᠲᠠᠨ ᠨᠢᠭᠡᠪᠦᠷᠢ ᠶᠢ ᠴᠥᠮ ᠥᠲᠡᠯᠦᠭᠡ ᠨᠠᠰᠤᠨ ᠳᠠᠭᠠᠨ ᠠᠰᠠᠷᠠᠮᠵᠢ ᠲᠠᠢ᠂ ᠪᠠᠶᠠᠷ ᠴᠡᠩᠭᠡᠯ ᠲᠠᠢ᠂ ᠰᠤᠷᠤᠯᠴᠠᠬᠤ ᠵᠦᠢᠯ ᠲᠠᠢ᠂ ᠤᠷᠤᠯᠳᠤᠯᠭ᠎ᠠ ᠪᠦᠳᠦᠭᠡᠯ ᠲᠠᠢ ᠪᠠᠶᠢᠯᠭᠠᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠡᠤ ᠸᠧᠨ ᠮᠢᠩ᠂ ᠬᠤᠲᠠ ᠶᠢᠨ ᠳᠡᠳ᠋ ᠳᠠᠷᠤᠭ᠎ᠠ ᠰᠢᠤᠢ ᠷᠦᠢ ᠰᠢᠶᠠ ᠵᠢᠴᠢ ᠬᠤᠯᠪᠤᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃         ᠰᠣᠷᠪᠤᠯᠵᠢᠯᠠᠭᠴᠢ ᠯᠢ ᠬᠠᠢ ᠵᠧᠨ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号