ᠳᠤᠮᠳᠠᠳᠤ ᠮᠣᠩᠭᠤᠯ ‍ᠤᠨ‌ᠠᠷᠪᠠᠨ ᠨᠢᠭᠡᠳᠦᠭᠡᠷ ᠬᠤᠭᠤᠴᠠᠭᠠᠨ ᠤ ᠰᠣᠨᠢᠨ ᠮᠡᠳᠡᠭᠡᠨ ᠤ ᠶᠠᠷᠢᠶᠠᠨ ᠤ ᠲᠠᠪᠴᠠᠩ ᠶᠠᠪᠣᠭᠳᠠᠪᠠ
ᠨᠡᠶᠢᠲᠡᠯᠡᠭᠰᠡᠨ ᠴᠠᠭ᠄
2020/10/26
   ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠠᠢ ᠰᠧ ᠶᠤᠸᠠᠨ︶ 10 ᠰᠠᠷ᠎ᠠ ᠶᠢᠨ 22 ᠤᠨ ᠡᠳᠦᠷ᠂ ᠪᠦᠬᠦ ᠳᠤᠮᠳᠠᠳᠤ ᠶᠢᠨ ᠰᠣᠨᠢᠨ ᠮᠡᠳᠡᠭᠡᠨ ᠤ ᠠᠵᠢᠯᠲᠠᠨ ᠤ ᠨᠡᠶᠢᠭᠡᠮᠯᠢᠭ᠂ ᠮᠣᠩᠭᠤᠯ  ᠣᠯᠣᠰ ᠤᠨ  ᠰᠤᠷᠪᠤᠯᠵᠢᠯᠠᠭᠴᠢ  ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ  ᠠᠴᠠ ᠳᠠᠭᠠᠭᠠᠴᠢᠯᠠᠨ  ᠡᠷᠬᠢᠯᠡᠭᠰᠡᠨ ᠳᠤᠮᠳᠠᠳᠤ ᠮᠣᠩᠭᠤᠯ ᠤᠨ ᠠᠷᠪᠠᠨ ᠨᠢᠭᠡᠳᠦᠭᠡᠷ ᠬᠤᠭᠤᠴᠠᠭᠠᠨ ᠤ ᠰᠣᠨᠢᠨ ᠮᠡᠳᠡᠭᠡᠨ ᠤ ᠶᠠᠷᠢᠶᠠᠨ ᠤ ᠲᠠᠪᠴᠠᠩ ᠨᠢ᠂ ᠰᠦᠯᠵᠢᠶᠡᠨ ᠸᠢᠳᠢᠤ᠋ ᠬᠡᠯᠪᠡᠷᠢ ᠪᠠᠷ ᠪᠡᠭᠡᠵᠢᠩ᠂ ᠬᠥᠬᠡᠬᠤᠲᠠ ᠪᠣᠯᠤᠨ ᠮᠣᠩᠭᠤᠯ ᠣᠯᠣᠰ ᠤᠨ ᠤᠯᠠᠭᠠᠨᠪᠠᠭᠠᠲᠤᠷ ᠲᠤ ᠲᠣᠰ ᠲᠣᠰ ᠬᠤᠷᠠᠯ ᠤᠨ ᠲᠠᠯᠠᠪᠠᠶ ᠪᠠᠶᠢᠭᠤᠯᠤᠨ ᠶᠠᠪᠤᠭᠳᠠᠪᠠ᠃    ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ   ᠤ  ᠠᠯᠪᠠᠨ ᠭᠡᠷ ᠤᠨ ᠡᠷᠬᠢᠯᠡᠭᠴᠢ ᠰᠢᠤᠢ ᠯᠢᠨ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠲᠠᠷᠤᠭ᠎ᠠ ᠪᠠᠶ ᠢᠦᠶ ᠭᠠᠩ ᠂ ᠮᠣᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠭᠡᠰᠢᠭᠦᠨ ᠴᠣᠭᠪᠠᠭᠠᠲᠤᠷ᠂ ᠮᠣᠩᠭᠤᠯ ᠤᠯᠤᠰ ᠤᠨ ᠰᠤᠷᠪᠤᠯᠵᠢᠯᠠᠭᠴᠢ ᠶᠢᠨ ᠨᠡᠶᠢᠭᠡᠮᠯᠢᠭ ᠤᠨ ᠣᠷᠣᠯᠠᠭᠴᠢ ᠲᠡᠷᠢᠭᠦᠯᠡᠭᠴᠢ ᠪᠤᠷᠭᠢᠯᠮ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠮᠣᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠭᠡᠰᠢᠭᠦᠨ᠂ ᠪᠠᠶᠢᠭᠠᠯᠢ ᠶᠢᠨ ᠣᠷᠴᠢᠨ ᠠᠶᠠᠯᠠᠯ ᠵᠤᠭᠠᠴᠠᠯ ᠤᠨ ᠶᠠᠮᠤᠨ ᠤ ᠰᠠᠶᠢᠳ ᠰᠠᠷᠠᠨᠭᠡᠷᠡᠯ ᠪᠠᠶᠠᠷ ᠤᠨ ᠵᠠᠬᠢᠳᠠᠯ ᠢᠯᠡᠭᠡᠵᠡᠶ᠃ ᠳᠤᠮᠳᠠᠳᠤ ᠶᠢᠨ ᠪᠦᠬᠦ ᠤᠯᠤᠰ ᠤᠨ ᠰᠣᠨᠢᠨ ᠮᠡᠳᠡᠭᠡᠨ ᠤ ᠠᠵᠢᠯᠲᠠᠳ ᠤᠨ ᠨᠡᠶᠢᠭᠡᠮᠯᠢᠭ ᠤᠨ ᠨᠠᠮ ᠤᠨ ᠤᠳᠤᠷᠢᠳᠬᠤ  ᠲᠣᠭᠤᠶᠢᠯᠠᠩ  ᠤᠨ ᠱᠦᠵᠢ ᠯᠢᠦ ᠵᠧᠩ ᠷᠦᠩ᠂ ᠮᠣᠩᠭᠤᠯ ᠤᠯᠤᠰ ᠤᠨ ᠰᠣᠨᠢᠨ ᠮᠡᠳᠡᠭᠡᠨ ᠤ ᠠᠵᠢᠯᠲᠠᠳ ᠤᠨ ᠨᠡᠶᠢᠭᠡᠮᠯᠢᠭ ᠤᠨ  ᠣᠷᠣᠯᠠᠭᠴᠢ ᠲᠡᠷᠢᠭᠦᠯᠡᠭᠴᠢ ᠪᠤᠷᠭᠢᠯᠮ᠎ᠠ ︽ᠳᠤᠮᠳᠠᠳᠤ ᠮᠣᠩᠭᠤᠯ ᠬᠤᠶᠠᠷ ᠤᠯᠤᠰ ᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠰᠢᠨ᠎ᠡ 10 ᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠤᠩᠬᠠᠭ︾ ᠢ ᠤᠩᠰᠢᠨ ᠨᠡᠶᠢᠲᠡᠯᠡᠪᠡ᠃    ᠰᠢᠤᠢ ᠯᠢᠨ ᠢᠯᠡᠷᠬᠡᠶᠢᠯᠡᠬᠦ ᠳᠡᠭᠡᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ‌ᠡᠭᠦᠰᠦᠭᠰᠡᠨ ᠠᠴᠠ ᠨᠠᠰᠢ᠂ ᠳᠤᠮᠳᠠᠳᠤ ᠮᠣᠩᠭᠤᠯ  ᠬᠤᠶᠠᠷ ᠤᠯᠤᠰ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤᠷᠠᠯᠴᠠᠭ᠎ᠠ ᠪᠠᠨ ᠨᠢᠭᠲᠠ  ᠦᠷᠨᠢᠬᠦᠯᠪᠡ  ᠃ ᠵᠠᠭᠤᠴᠢᠯᠠᠭᠤᠷ ᠤᠨ ᠬᠢᠨ ᠬᠢᠵᠢᠭ ᠢ‌‍ᠰᠡᠷᠭᠡᠶᠢᠯᠡᠨ  ᠬᠤᠷᠢᠭᠯᠠᠬᠤ ᠮᠡᠳᠡᠭᠡ ᠵᠠᠩᠭᠢ ᠶᠢ ᠳᠠᠮᠵᠢᠭᠤᠯᠬᠤ ᠪᠠ  ᠨᠡᠪᠳᠡᠷᠡᠯᠴᠡᠨ ᠬᠤᠷᠰᠢᠯᠴᠠᠬᠤ ᠲᠠᠯ᠎ᠠ ᠪᠠᠷ ᠲᠦᠢᠯ ᠤᠨ ᠴᠢᠬᠤᠯᠠ  ᠣᠶᠢᠯᠡᠳᠣᠯ ᠦᠵᠡᠭᠦᠯᠵᠦ ᠪᠠᠶᠢᠨ᠎ᠠ᠃ ᠳᠤᠮᠳᠠᠳᠤ  ᠣᠯᠣᠰ ᠤᠨ  ᠵᠠᠭᠤᠴᠢᠯᠠᠭᠤᠷ ᠤᠨ ᠬᠢᠨ ᠬᠢᠵᠢᠭ ᠤᠨ ᠪᠠᠶᠢᠳᠠᠯ  ᠤᠨ ᠲᠤᠬᠠᠶ ᠮᠡᠳᠡᠭᠡᠯᠡᠯ ᠳᠡᠭᠡᠨ ᠠᠷᠠᠳ  ᠲᠦᠮᠡᠨ ᠤ ᠵᠣᠭᠰᠣᠯᠲᠠ ᠪᠠᠨ ᠪᠠᠲᠤᠳᠬᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭ᠎ᠠ ᠶᠢᠨ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠦᠨᠡᠨ ᠪᠣᠳᠠᠲᠠᠶ ᠪᠤᠰᠤᠳᠴᠢ ᠪᠠᠷ ᠣᠶᠢᠯᠡᠳᠣᠯᠬᠡᠵᠢᠭᠦᠯᠵᠤ᠂ ᠣᠯᠠᠨ ᠤᠯᠤᠰ ᠤᠨ ᠬᠠᠮᠵᠢᠯᠴᠠᠭᠠᠨ ᠤ ᠬᠢᠵᠢᠭ  ᠲᠠᠢ ᠲᠡᠮᠡᠴᠡᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠬᠦᠴᠦᠨ ᠢᠶᠠᠨ  ᠡᠷᠬᠦᠭᠰᠡᠨ ᠪᠠᠶᠢᠨ᠎ᠠ  ᠃ ᠬᠢᠵᠢᠭ  ᠪᠠᠶᠢᠳᠠᠯ ᠤᠨ ᠰᠡᠬᠦᠯᠴᠢ ᠶᠢᠨ ᠴᠠᠭ ᠦᠶ᠎ᠡ ᠶᠢ ᠪᠣᠳᠣᠯᠬᠢᠯᠠᠪᠠᠯ᠂ ᠳᠤᠮᠳᠠᠳᠤ ᠮᠣᠩᠭᠤᠯ ᠬᠤᠶᠠᠷ  ᠣᠯᠣᠰ ᠤᠨ  ᠰᠣᠨᠢᠨ  ᠮᠡᠳᠡᠭᠡᠨ ᠤ ᠬᠢᠨ ᠨᠠᠩ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤᠪᠠᠷ ᠰᠢᠨᠵᠢᠯᠡᠬᠦ ᠤᠬᠠᠭᠠᠨᠴᠢ ᠣᠶᠤᠨᠴᠢ   ᠪᠠᠷ ᠮᠡᠳᠡᠭᠡᠯᠡᠵᠦ  ᠂ ᠬᠠᠮᠲᠤᠷᠠᠨ ᠬᠥᠭᠵᠢᠬᠦ ᠦᠯᠢᠭᠡᠷ ᠢ ᠰᠠᠶᠢᠲᠤᠷ ᠶᠠᠷᠢᠵᠤ᠂ ᠬᠠᠮᠲᠤ ᠶᠢᠨ ᠠᠵᠢᠯᠯᠠᠭ᠎ᠠ ᠪᠠᠨ  ᠴᠢᠩᠭᠠᠳᠬᠠᠵᠣ᠂  ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠵᠣᠵᠠᠭᠠᠳᠬᠠᠬᠤ ᠶᠢᠨ ᠲᠥᠯᠥᠭᠡ ᠬᠠᠮᠲᠤᠪᠠᠷ ᠴᠢᠷᠮᠠᠶᠢᠶ᠎ᠠ ᠭᠡᠵᠡᠶ᠃    ᠪᠠᠢ ᠢᠦᠢ ᠭᠠᠩ ᠵᠢᠭᠠᠵᠤ ᠭᠠᠷᠭᠠᠬᠤ ᠳᠠᠭᠠᠨ᠄ ᠥᠪᠡᠷᠲᠡᠭᠡᠨ ᠵᠠᠰᠠᠬᠤ ᠣᠷᠣᠨ ᠤ ᠬᠢᠵᠢᠭ ᠢ ᠰᠡᠷᠭᠡᠶᠢᠯᠡᠨ  ᠬᠤᠷᠢᠭᠯᠠᠭᠰᠠᠨ ᠲᠣᠬᠠᠢ  ᠵᠠᠭᠤᠴᠢᠯᠠᠭᠤᠷ ᠤᠨ  ᠣᠬᠠᠭᠤᠯᠭ᠎ᠠ ᠶᠢᠨ ᠠᠵᠢᠯ ᠤᠨ ᠳᠤᠮᠳᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ  ᠬᠤᠷᠢᠭᠯᠠᠬᠤ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠵᠦ ᠪᠠᠳᠤ ᠴᠢᠨᠠᠷᠲᠠᠶ ᠢᠯᠠᠯᠲᠠ ᠶᠢ ᠤᠯᠬᠤ ᠳᠤ ᠬᠦᠴᠦᠷᠬᠡᠭ ᠶᠡᠭᠡ ᠣᠶᠤᠨ  ᠰᠠᠨᠠᠭᠠᠨ  ᠤ ᠰᠡᠷᠭᠡᠶᠢᠯᠡᠯᠲᠡ ᠶᠢᠨ ᠱᠤᠭᠤᠮ ᠢ  ᠪᠠᠶᠢᠭᠤᠯᠪᠠ︔ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠷᠤᠯᠲᠠ ᠪᠣᠯᠤᠨ ᠬᠠᠩᠭᠠᠯᠭ᠎ᠠ ᠬᠡᠷᠡᠭᠴᠡᠭᠡ ᠶᠢᠨ ᠠᠷᠭ᠎ᠠ  ᠮᠠᠶ᠋ᠢᠭ ᠤᠨ  ᠭᠦᠨᠵᠡᠭᠡᠶ ᠬᠤᠪᠢᠷᠠᠯᠲᠠ ᠶᠢᠨ ᠡᠮᠦᠨ᠎ᠡ᠂ ᠪᠢᠳᠡ ᠰᠡᠳᠬᠢᠬᠦᠶ  ᠣᠶᠢᠯᠠᠭᠠᠭᠳᠠᠬᠤᠨ ᠢᠶᠠᠨ ᠰᠢᠨᠡᠴᠢᠯᠡᠵᠦ᠂ ︽ᠥᠪᠥᠷ ᠮᠣᠩᠭᠤᠯ ᠢᠶᠠᠨ ᠬᠠᠶᠢᠷᠠᠯᠠᠬᠤ︾  ᠨᠡᠷᠡᠳᠤ ᠲᠡᠮᠳᠡᠭ   ᠤᠨ ᠤᠬᠠᠭᠤᠯᠭ᠎ᠠ ᠲᠠᠨᠢᠯᠴᠠᠭᠤᠯᠭ᠎ᠠ ᠶᠢᠨ  ᠠᠵᠢᠯᠯᠠᠭ᠎ᠠ ᠦᠷᠨᠢᠭᠦᠯᠵᠦ᠂ ᠰᠣᠶᠣᠯ  ᠵᠤᠭᠠᠴᠠᠯ ᠤᠨ ᠬᠡᠷᠡᠭᠯᠡᠭᠡ ᠶᠢ ᠳᠠᠶᠢᠴᠢᠯᠠᠪᠠ᠃ ᠡᠨᠡ ᠤᠳᠠᠭᠠᠨ ᠤ ᠬᠢᠵᠢᠭ ᠤᠨ ᠪᠠᠶᠢᠳᠠᠯ ᠨᠢ ᠪᠢᠳᠡᠨ ᠳᠤ ᠦᠨᠡᠨ ᠰᠡᠳᠬᠢᠯ ᠠᠴᠠ ᠪᠠᠨ ᠶᠠᠪᠤᠯᠴᠠᠵᠦ  ᠂ ᠡᠶᠡᠯᠳᠡᠭ ᠬᠥᠷᠰᠢ ᠶᠢᠨ ᠨᠥᠬᠦᠷᠰᠡᠭ ᠬᠠᠷᠢᠴᠠᠭ᠎ᠠ ᠶᠢ ᠠᠬᠢᠭᠤᠯᠬᠤ ᠳᠤ ᠢᠳᠡᠪᠬᠢ ᠬᠦᠴᠦᠨ ᠨᠡᠮᠡᠷᠢᠯᠡᠬᠦ ᠬᠡᠷᠡᠭᠲᠡᠢ  ︔ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠢ ᠴᠢᠩᠭ᠎ᠠ ᠲᠦᠰᠢᠭᠯᠡᠵᠦ᠂ ᠦᠨᠡᠨ ᠰᠡᠳᠬᠢᠯ ᠠᠴᠠ ᠪᠠᠨ ᠠᠷᠠᠳ ᠲᠦᠮᠡᠨ ᠤ ᠲᠥᠯᠥᠭᠡ ᠭᠡᠬᠦ ᠦᠷᠳᠡᠭ ᠤᠨ ᠬᠠᠨᠳᠤᠰᠢ ᠶᠢ ᠪᠠᠲᠤ  ᠰᠠᠬᠢᠬᠤ ᠬᠡᠷᠡᠭᠲᠡᠢ︔ ᠰᠢᠨ᠎ᠡ ᠶᠢ ᠡᠭᠦᠳᠦᠨ ᠪᠦᠲᠦᠭᠡᠵᠦ᠂ ᠴᠠᠭ ᠦᠶ᠎ᠡ ᠶᠢᠨ ᠬᠤᠪᠢᠰᠤᠯᠲᠠ ᠶᠢᠨ ᠤᠷᠤᠰᠬᠠᠯ ᠳᠤᠮᠳᠠ ᠵᠣᠷᠢᠭᠲᠠᠢ ᠪᠠᠷ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠤᠯᠠᠮᠵᠢᠯᠠᠨ  ᠲᠠᠮᠵᠢᠭᠤᠯᠬᠤ  ᠰᠢᠨ᠎ᠡ  ᠠᠷᠭ᠎ᠠ ᠵᠠᠮ ᠢ ᠡᠷᠢᠯᠬᠢᠯᠡᠬᠦ ᠬᠡᠷᠡᠭᠲᠡᠢ  ︔ ᠤᠷᠢᠳᠠᠪᠠᠷ ᠬᠢᠬᠦ ᠪᠠ  ᠵᠢᠱᠢᠶ᠎ᠡ ᠦᠵᠡᠭᠦᠯᠬᠦ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠬᠤᠶᠠᠷ ᠤᠯᠤᠰ ᠤᠨ  ᠪᠣᠳᠠᠳᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠬᠤᠰᠢᠭᠤᠴᠢ ᠲᠥᠯᠥᠭᠡᠯᠡᠭᠴᠢ  ᠪᠣᠯᠬᠤ ᠬᠡᠷᠡᠭᠲᠠᠢ  ᠭᠡᠵᠦ ᠪᠢᠳᠡᠨ ᠢ  ᠤᠯᠠᠮ ᠤᠬᠠᠭᠠᠷᠠᠭᠤᠯᠪᠠ ᠭᠡᠵᠡᠢ  ᠃http://mongol.people.com.cn/15827525.html  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号