ᠦᠪᠦᠷ ᠮᠤᠩᠭᠤᠯ ᠤᠨ ᠠᠩᠬᠠᠳᠠᠭᠴᠢ ᠬᠠᠭᠤᠷᠠᠢ ᠵᠠᠮ ᠤᠨ ᠪᠤᠭᠤᠮᠲᠠ ᠶᠢᠨ ᠲᠦᠷᠭᠡᠨ ᠭᠤᠪᠢᠭᠤᠯᠭ᠎ᠠ ᠶᠢ ᠬᠢᠨᠠᠵᠤ ᠬᠠᠮᠢᠶᠠᠷᠬᠤ ᠭᠠᠵᠠᠷ ᠪᠠᠶᠢᠭᠤᠯᠬᠤ ᠪᠠᠷ ᠵᠦᠪᠰᠢᠶᠡᠷᠡᠭᠲᠡᠪᠡ
ᠨᠡᠶᠢᠲᠡᠯᠡᠭᠰᠡᠨ ᠴᠠᠭ᠄
2020/10/26
     ᠦᠪᠦᠷ ᠮᠤᠩᠭᠤᠯ ᠤᠨ ᠡᠲᠦᠷ ᠤᠨ ᠰᠤᠨᠢᠨ ᠤ ᠮᠡᠲᠡᠭᠡ ︵ᠰᠤᠷᠪᠤᠯᠵᠢᠯᠠᠭᠴᠢ ᠠᠨᠢᠷ︶ ᠤᠶᠢᠷ᠎ᠠ ᠳᠤ᠂ ᠮᠠᠨᠵᠤᠤᠷ ᠪᠤᠭᠤᠮᠲᠠ ᠶᠢᠨ  ᠬᠠᠷᠢᠶ᠎ᠠ ᠨᠢᠰᠭᠡᠯ ᠤᠨ ᠪᠠᠭᠤᠲᠠᠯ ᠳᠤ ᠮᠠᠨᠵᠤᠤᠷ ᠪᠤᠭᠤᠮᠲᠠ ᠶᠢᠨ ᠲᠦᠷᠭᠡᠨ ᠭᠤᠪᠢᠭᠤᠯᠭ᠎ᠠ  ᠶᠢ ᠬᠢᠨᠠᠵᠤ ᠬᠠᠮᠢᠶᠠᠷᠬᠤ ᠭᠠᠵᠠᠷ  ᠪᠠᠶᠢᠭᠤᠯᠬᠤ ᠶᠢ ᠵᠢᠩᠭᠢᠨᠢ  ᠵᠦᠪᠰᠢᠶᠡᠷᠡᠵᠡᠢ᠃ ᠡᠨᠡ ᠪᠤᠯ ᠦᠪᠣᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ ᠬᠠᠭᠤᠷᠠᠢ ᠵᠠᠮ ᠤᠨ  ᠪᠤᠭᠤᠮᠲᠠ ᠶᠢᠨ ᠲᠦᠷᠭᠡᠨ ᠭᠤᠪᠢᠭᠤᠯᠭ᠎ᠠ ᠶᠢ  ᠬᠢᠨᠠᠵᠤ ᠬᠠᠮᠢᠶᠠᠷᠬᠤ ᠭᠠᠵᠠᠷ ᠪᠤᠯᠤᠨ᠎ᠠ᠃    ᠤᠶᠢᠯᠠᠭᠠᠬᠰᠠᠨ ᠢᠶᠠᠷ᠂ ᠡᠨᠡ ᠬᠦ ᠬᠢᠨᠠᠵᠤ ᠬᠠᠮᠢᠶᠠᠷᠬᠤ ᠭᠠᠵᠠᠷ ᠢ ᠪᠠᠶᠢᠭᠤᠯᠣᠭᠰᠠᠨ ᠨᠢ ᠮᠠᠨᠵᠤᠤᠷ ᠬᠤᠲᠠ ᠤᠨ ᠬᠢᠯᠢ ᠲᠠᠮᠨᠠᠬᠤ ᠡᠯᠧᠺᠲᠷᠤᠨ ᠬᠤᠲᠠᠯᠳᠤᠭ᠎ᠠ᠂ ᠤᠳᠤ ᠦᠶ᠎ᠡ ᠶᠢᠨ ᠪᠤᠳᠠᠰ ᠤᠨ ᠭᠦᠢᠯᠭᠡᠭᠡ ᠵᠡᠷᠭᠡ ᠠᠵᠤ ᠦᠢᠯᠡᠰ ᠤᠨ ᠬᠦᠭᠵᠢᠯᠲᠡ ᠳᠤ ᠬᠦᠴᠦᠷᠬᠡᠭ ᠶᠡᠭᠡ ᠬᠦᠲᠡᠯᠭᠡᠬᠦᠷ ᠬᠦᠴᠦᠨ ᠦᠭᠬᠦ ᠪᠤᠯᠤᠨ᠎ᠠ᠃ ᠦᠩᠭᠡᠷᠡᠭᠰᠡᠨ ᠳᠤ᠂ ᠮᠠᠨᠵᠤᠤᠷ ᠪᠤᠭᠤᠮᠲᠠ ᠪᠠᠷ ᠬᠢᠯᠢ ᠭᠠᠷᠬᠤ ᠪᠤᠭᠤᠲᠠᠯ ᠨᠤᠭᠤᠳ ᠵᠦᠪᠬᠡᠨ ᠰᠢᠤᠳᠠᠨ ᠭᠤᠪᠢᠭᠤᠯᠭ᠎ᠠ ᠶᠢᠨ ᠬᠡᠯᠪᠡᠷᠢ ᠪᠠᠷ  ᠪᠤᠭᠤᠮᠲᠠ ᠭᠠᠲᠤᠯᠲᠠᠭ ᠪᠠᠶᠢᠬᠰᠠᠨ ᠶᠤᠮ᠂ ᠮᠠᠨᠵᠤᠤᠷ ᠪᠤᠭᠤᠮᠲᠠ ᠶᠢᠨ  ᠲᠦᠷᠭᠡᠨ ᠭᠤᠪᠢᠭᠤᠯᠭ᠎ᠠ ᠶᠢ ᠬᠢᠨᠠᠵᠤ ᠬᠠᠮᠢᠶᠠᠷᠬᠤ ᠭᠠᠵᠠᠷ  ᠪᠠᠶᠢᠭᠤᠯᠣᠭᠰᠠᠨ ᠠᠴᠠ ᠬᠤᠶᠢᠰᠢ᠂ ᠠᠵᠤ ᠠᠬᠤᠶᠢᠯᠠᠯ ᠨᠤᠭᠤᠳ ᠤᠯᠠᠨ ᠤᠯᠤᠰ ᠤᠨ  ᠲᠦᠷᠭᠡᠨ ᠭᠤᠪᠢᠭᠤᠯᠭ᠎ᠠ ᠡᠵᠡᠩᠨᠡᠬᠦ ᠬᠢᠷᠢ ᠬᠡᠮ ᠪᠦᠬᠦᠢ ᠲᠦᠷᠭᠡᠨ ᠭᠤᠪᠢᠭᠤᠯᠭ᠎ᠠ ᠶᠢᠨ  ᠺᠤᠮᠫᠠᠨᠢ ᠢ ᠰᠤᠩᠭᠤᠵᠤ ᠭᠤᠪᠢᠭᠤᠯᠵᠤ ᠪᠤᠯᠤᠨ᠎ᠠ᠂ ᠰᠤᠩᠭᠤᠯᠲᠠ ᠨᠡᠩ ᠡᠯᠪᠡᠭ ᠲᠡᠯᠪᠡᠭ᠂ ᠦᠷ᠎ᠡ ᠪᠦᠲᠦᠮᠵᠢ ᠨᠢ ᠴᠤ ᠶᠡᠭᠡ ᠪᠠᠷ ᠲᠡᠭᠡᠭᠰᠢᠯᠡᠵᠦ ᠴᠢᠲᠠᠨ᠎ᠠ᠃ ᠲᠠᠷᠠᠭᠠᠴᠢ ᠶᠢᠨ  ᠠᠯᠬᠤᠮ ᠳᠤ᠂ ᠠᠵᠤ ᠠᠬᠤᠶᠢᠯᠠᠯ ᠨᠤᠭᠤᠳ ᠮᠠᠨᠵᠤᠤᠷ ᠪᠤᠭᠤᠮᠲᠠ ᠶᠢᠨ ᠲᠦᠷᠭᠡᠨ ᠭᠤᠪᠢᠭᠤᠯᠭ᠎ᠠ  ᠶᠢ ᠬᠢᠨᠠᠵᠤ ᠬᠠᠮᠢᠶᠠᠷᠬᠤ ᠭᠠᠵᠠᠷ ᠤᠨ ᠬᠢᠨ ᠤ ᠡᠯᠧᠺᠲᠷᠤᠨ ᠬᠤᠲᠠᠯᠳᠤᠭ᠎ᠠ ᠶᠢᠨ ᠶᠠᠪᠤᠲᠠᠯ ᠤᠨ  ﹇9610﹈  ᠭᠠᠲᠠᠭᠠᠳᠤ ᠳᠤ ᠭᠠᠷᠭᠠᠬᠤ ᠲᠤᠬᠠᠶᠢᠯᠠᠬᠰᠠᠨ ᠠᠵᠢᠯ   ᠢᠶᠠᠨ ᠦᠷᠨᠢᠬᠦᠯᠪᠡᠯ᠂ ᠮᠠᠨᠵᠤᠤᠷ ᠬᠤᠲᠠ ᠶᠢᠨ ᠬᠢᠯᠢ ᠲᠠᠮᠨᠠᠬᠤ ᠡᠯᠧᠺᠲᠷᠤᠨ ᠬᠤᠲᠠᠯᠳᠤᠭ᠎ᠠ   ᠶᠢᠨ  ᠶᠠᠪᠤᠲᠠᠯ ᠤᠨ ᠲᠦᠷᠭᠡᠨ ᠭᠤᠪᠢᠭᠤᠯᠭ᠎ᠠ ᠶᠢᠨ ᠬᠦᠭᠵᠢᠯᠲᠡ ᠶᠢ ᠬᠦᠴᠦᠲᠡᠢ ᠠᠬᠢᠭᠤᠯᠬᠤ ᠪᠤᠯᠤᠨ᠎ᠠ᠃     ᠲᠠᠨᠢᠯᠴᠠᠭᠤᠯᠤᠬᠰᠠᠨ ᠢᠶᠠᠷ᠂  ᠡᠬᠦᠨ ᠠᠴᠠ ᠡᠮᠦᠨ᠎ᠡ ᠮᠠᠨᠵᠤᠤᠷ ᠬᠤᠲᠠ  ᠵᠢᠩ ᠳ᠋ᠦᠩ  ᠪᠦᠯᠦᠭᠯᠡᠯ ᠯᠦᠭᠡ ᠮᠠᠨᠵᠤᠤᠷ ᠤᠨ ᠬᠢᠯᠢ ᠲᠠᠮᠨᠠᠬᠤ ᠡᠯᠧᠺᠲᠷᠤᠨ ᠬᠤᠲᠠᠯᠳᠤᠭ᠎ᠠ   ᠶᠢᠨ ᠶᠠᠪᠤᠲᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ ᠪᠠᠶᠢᠯᠳᠤᠬᠤ ᠪᠤᠲᠤᠯᠭ᠎ᠠ ᠶᠢᠨ ᠶᠢᠨ ᠬᠤᠷᠰᠢᠯᠴᠠᠭᠠᠨ ᠤ  ᠬᠡᠯᠡᠯᠴᠡᠭᠡᠷ ᠲᠤᠭᠲᠠᠵᠠᠢ᠃ ᠬᠡᠯᠡᠯᠴᠡᠭᠡᠷ ᠤᠨ  ᠠᠭᠤᠯᠭ᠎ᠠ ᠶᠢ ᠦᠨᠲᠦᠰᠦᠯᠡᠪᠡᠯ᠂ ᠮᠠᠨᠵᠤᠤᠷ ᠬᠤᠲᠠ ᠶᠢᠨ  ᠵᠠᠰᠠᠭ ᠤᠨ ᠤᠷᠲᠤᠨ ᠵᠢᠩ ᠳ᠋ᠦᠩ ᠪᠦᠯᠦᠭᠯᠡᠯ ᠯᠦᠭᠡ  ᠬᠤᠷᠰᠢᠯᠴᠠᠨ ᠮᠠᠨᠵᠤᠤᠷ ᠤᠨ ᠬᠢᠯᠢ ᠲᠠᠮᠨᠠᠬᠤ ᠡᠯᠧᠺᠲᠷᠤᠨ ᠬᠤᠲᠠᠯᠳᠤᠭ᠎ᠠ   ᠶᠢᠨ ᠶᠠᠪᠤᠲᠠᠯ   ᠤᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ  ᠪᠦᠲᠦᠭᠡᠨ ᠪᠠᠶᠢᠭᠤᠯᠤᠯᠲᠠ ᠶᠢ ᠠᠬᠢᠭᠤᠯᠤᠨ ᠬᠦᠭᠵᠢᠬᠦᠯᠵᠦ᠂  ᠤᠷᠤᠰ ᠤᠨ  ᠵᠠᠬ᠎ᠠ ᠲᠡᠯᠭᠡᠭᠦᠷ ᠲᠤ ᠬᠦᠯ ᠤᠯᠠ ᠪᠠᠨ ᠤᠯᠵᠤ᠂ ᠵᠡᠬᠦᠨ ᠬᠤᠶᠢᠳᠤ ᠠᠽᠢᠶ᠎ᠠ  ᠪᠠ ᠵᠡᠬᠦᠨ  ᠡᠸᠦ᠋ᠷᠤᠫᠠ ᠶᠢᠨ ᠤᠷᠤᠨ  ᠨᠤᠭᠤᠳ ᠳᠤ ᠰᠠᠴᠤᠬᠤ ᠬᠢᠯᠢ ᠲᠠᠮᠨᠠᠬᠤ ᠡᠯᠧᠺᠲᠷᠤᠨ ᠬᠤᠲᠠᠯᠳᠤᠭ᠎ᠠ   ᠶᠢᠨ  ᠶᠠᠪᠤᠲᠠᠯ   ᠤᠨ ᠬᠤᠷᠠᠬᠤ ᠲᠠᠷᠬᠠᠬᠤ  ᠰᠠᠭᠤᠷᠢᠨ ᠭᠠᠵᠠᠷ ᠢ ᠬᠠᠮᠳᠤᠪᠠᠷ ᠪᠠᠶᠢᠭᠤᠯᠤᠨ᠂ ᠬᠦᠮᠦᠰ ᠤᠨ ᠶᠠᠪᠤᠯᠴᠠᠭ᠎ᠠ  ᠪᠤᠲᠠᠰ ᠤᠨ ᠭᠦᠯᠭᠡᠭᠡ᠂ ᠪᠡᠯᠨ ᠮᠦᠩᠭᠦ  ᠶᠢᠨ  ᠬᠦᠢᠯᠭᠡᠭᠡ᠂  ᠰᠤᠷᠠᠭ ᠴᠢᠮᠡᠭᠡ ᠶᠢᠨ ᠰᠤᠯᠢᠯᠴᠠᠭ᠎ᠠ ᠶᠢ ᠲᠦᠷᠭᠡᠳᠭᠡᠨ ᠬᠤᠷᠠᠭᠤᠯᠬᠤ ᠭᠡᠰᠡᠨ ᠳᠤ ᠤᠷᠤᠰᠢᠨ᠎ᠠ᠃      ᠡᠨᠡ ᠵᠢᠯ ᠠᠴᠠ ᠨᠠᠭᠠᠰᠢ᠂ ᠮᠠᠨᠵᠤᠤᠷ ᠪᠤᠭᠤᠮᠲᠠ ᠶᠢᠨ ᠬᠢᠨ ᠬᠢᠯᠢ ᠲᠠᠮᠨᠠᠬᠤ ᠡᠯᠧᠺᠲᠷᠤᠨ ᠬᠤᠲᠠᠯᠳᠤᠭ᠎ᠠ   ᠶᠢᠨ ᠶᠠᠪᠤᠲᠠᠯ   ᠶᠢᠨ  ᠬᠦᠭᠵᠢᠯᠲᠡ ᠶᠢ ᠮᠠᠰᠢᠲᠠ ᠴᠢᠬᠤᠯᠠᠴᠢᠯᠠᠨ᠂ ᠬᠠᠭᠤᠷᠠᠢ ᠵᠠᠮ ᠤᠨ  ᠪᠤᠭᠤᠮᠲᠠ ᠶᠢᠨ ᠲᠦᠷᠭᠡᠨ ᠭᠤᠪᠢᠭᠤᠯᠭ᠎ᠠ ᠶᠢ ᠬᠢᠨᠠᠵᠤ ᠬᠠᠮᠢᠶᠠᠷᠬᠤ  ᠭᠠᠵᠠᠷ ᠪᠠᠶᠢᠭᠤᠯᠬᠤ   ᠶᠢ ᠲᠦᠷᠭᠡᠯᠡᠨ ᠴᠤᠬᠤᠯᠪᠤᠷᠢᠯᠠᠨ ᠵᠦᠪᠰᠢᠶᠡᠷᠡᠭᠦᠯᠬᠦ  ᠶᠢᠨ ᠲᠦᠯᠦᠭᠡ᠂ ᠲᠤᠬᠠᠢ ᠶᠢᠨ ᠲᠠᠯᠠᠪᠠᠢ ᠳᠤ ᠤᠯᠠᠨᠲᠠ  ᠲᠤᠰᠬᠠᠢ ᠠᠯᠪᠠᠲᠠᠳ ᠲᠤᠮᠢᠯᠠᠨ ᠢᠷᠡᠬᠦᠯᠵᠦ ᠪᠦᠲᠦᠭᠡᠨ ᠪᠠᠶᠢᠭᠤᠯᠤᠯᠲᠠ ᠶᠢ ᠵᠢᠭᠠᠨ ᠵᠢᠯᠤᠭᠤᠳᠪᠠ᠃ ᠪᠤᠭᠤᠮᠲᠠ ᠬᠢᠭᠡᠳ  ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠮᠳᠤ  ᠶᠢᠨ ᠴᠢᠷᠮᠠᠶᠢᠯᠭ᠎ᠠ ᠪᠠᠷ᠂ ᠮᠠᠨᠵᠤᠤᠷ ᠪᠤᠭᠤᠮᠲᠠ ᠶᠢᠨ ᠲᠦᠷᠭᠡᠨ ᠭᠤᠪᠢᠭᠤᠯᠭ᠎ᠠ ᠶᠢ ᠬᠢᠨᠠᠵᠤ ᠬᠠᠮᠢᠶᠠᠷᠬᠤ ᠭᠠᠵᠠᠷ  ᠪᠠᠶᠢᠭᠤᠯᠬᠤ ᠶᠠᠪᠤᠲᠠᠯ ᠢᠯᠭᠤᠮ ᠰᠢᠯᠤᠭᠤᠬᠠᠨ ᠢᠶᠠᠷ ᠵᠦᠪᠰᠢᠶᠡᠷᠡᠯ ᠤᠯᠤᠬᠰᠠᠨ ᠪᠠᠶᠢᠨ᠎ᠠ᠃ http://mongol.people.com.cn/15827528.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号