ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠥᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠲᠤᠷᠰᠢᠯᠲᠠ ᠶᠢᠨ ᠴᠢᠭ᠋ ᠤᠨ ᠥᠭᠡᠷᠡᠴᠢᠯᠡᠯᠲᠡ ᠨᠢ ᠠᠷᠠᠳ ᠣᠯᠠᠨ ᠤ ᠡᠮ ᠬᠡᠷᠡᠭᠯᠡᠬᠦ ᠳᠠᠷᠤᠭᠠᠰᠤ ᠶᠢ ᠬᠥᠩᠭᠡᠷᠡᠭᠦᠯᠪᠡ
ᠨᠡᠶᠢᠲᠡᠯᠡᠭᠰᠡᠨ ᠴᠠᠭ᠄
2020/10/26
      ᠦᠪᠤᠷ ᠮᠤᠩᠭᠤᠯ ᠤᠨ ᠡᠳᠤᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠾᠦᠸᠧ ᠰᠢᠶᠤᠤ ᠴᠢᠩ︶ ᠰᠤᠷᠪᠤᠯᠵᠢᠯᠠᠭᠴᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ ᠠᠴᠠ ᠤᠢᠢᠯᠠᠭᠠᠭᠰᠠᠨ ᠢᠶᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠲᠤᠷᠰᠢᠯᠲᠠ ᠶᠢ ᠬᠡᠷᠡᠭᠵᠢᠭᠦᠯᠦᠭᠰᠡᠨ ᠨᠢᠭᠡ ᠵᠢᠯ ᠤᠨ ᠲᠤᠷᠰᠢ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ  ᠪᠦᠳᠦᠮᠵᠢᠲᠡᠢ ᠳᠡᠭᠡᠭᠰᠢᠯᠡᠭᠦᠯᠵᠦ᠂ ᠠᠷᠠᠳ ᠣᠯᠠᠨ ᠤ ᠡᠮ ᠬᠡᠷᠡᠭᠯᠡᠬᠦ ᠳᠠᠷᠤᠭᠠᠰᠤ ᠶᠢ ᠬᠥᠩᠭᠡᠷᠡᠭᠦᠯᠪᠡ᠃    ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠦᠪᠤᠷ ᠮᠤᠩᠭᠤᠯ ᠣᠷᠣᠨ ᠤ ᠠᠩᠬᠠᠳᠠᠭᠴᠢ ᠪᠦᠯᠦᠭ ᠡᠮᠴᠢᠯᠡᠭᠡᠨ ᠳᠤ ᠬᠡᠷᠡᠭᠯᠡᠬᠦ ᠬᠡᠮᠵᠢᠶ᠎ᠡ ᠨᠢ ᠨᠡᠯᠢᠶᠡᠳ ᠶᠡᠭᠡ ᠪᠤᠶᠤ ᠬᠡᠷᠡᠭᠯᠡᠬᠦ ᠬᠡᠪᠴᠢᠶ᠎ᠡ ᠨᠢ ᠨᠡᠯᠢᠶᠡᠳ ᠥᠷᠭᠡᠨ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠨᠡᠯᠢᠶᠡᠳ  ᠴᠢᠩᠭ᠎ᠠ ᠱᠡᠹᠽᠥᠯᠡᠨ ︵CEFAZOLIN︶ ᠲᠠᠷᠢᠯᠭ᠎ᠠ ᠶᠢᠨ ᠡᠮ᠂ ᠾᠯᠣᠷᠲᠤ ᠨᠠᠲᠷᠢ ᠶᠢᠨ ᠲᠠᠷᠢᠯᠭ᠎ᠠ ᠶᠢᠨ ᠡᠮ ᠪᠣᠯᠤᠨ ᠦᠵᠦᠮ ᠤᠨ ᠰᠢᠬᠢᠷ ᠤᠨ ᠲᠠᠷᠢᠯᠭ᠎ᠠ ᠶᠢᠨ ᠡᠮ ᠵᠡᠷᠭᠡ 3 ᠵᠥᠢᠯ ᠤᠨ ᠡᠮ ᠤᠨ 8 ᠬᠡᠪ ᠪᠠᠷᠢᠮᠵᠢᠶ᠎ᠠ ᠶᠢ ᠰᠣᠩᠭᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠭᠠᠵᠤ᠂ ᠶᠡᠬᠡᠩᠬᠢ ᠲᠤᠭᠠᠨ ᠤ ᠣᠯᠠᠨ ᠲᠦᠮᠡᠨ ᠳᠤ ᠥᠭᠡᠷᠡᠴᠢᠯᠡᠯᠲᠡ ᠶᠢᠨ ᠠᠰᠢᠭ ᠲᠤᠰᠠ ᠶᠢ ᠬᠦᠷᠲᠡᠭᠡᠬᠦ ᠶᠢ ᠦᠨᠡᠨᠬᠦ  ᠪᠠᠲᠤᠯᠠᠪᠠ᠃ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠲᠠᠯ᠎ᠠ ᠪᠠᠷ᠂ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠦᠨ᠎ᠡ ᠬᠠᠩᠰᠢ ᠨᠢ ᠳᠥᠯᠥᠬᠦ ᠪᠠᠷᠢᠮᠵᠢᠶ᠎ᠠ ᠠᠴᠠ ᠳᠣᠤᠷ᠎ᠠ ᠪᠠᠶᠢᠬᠤ ᠡᠮ ᠤᠨ ᠵᠥᠢᠯ ᠢ ᠡᠪᠡᠳᠴᠢᠲᠡᠨ ᠪᠣᠳᠠᠲᠠᠶ ᠦᠨ᠎ᠡ ᠬᠠᠩᠰᠢ ᠪᠠᠷ ᠳᠥᠯᠥᠨ᠎ᠡ︔ ᠬᠡᠷᠡᠭᠯᠡᠬᠦ ᠦᠨ᠎ᠡ ᠬᠠᠩᠰᠢ ᠨᠢ ᠲᠣᠭᠠᠴᠠᠭ᠎ᠠ ᠬᠢᠬᠦ ᠪᠠᠷᠢᠮᠵᠢᠶ᠎ᠠ ᠠᠴᠠ ᠥᠨᠳᠥᠷ ᠡᠮ ᠤᠨ  ᠵᠥᠢᠯ ᠢ ᠡᠪᠡᠳᠴᠢᠲᠡᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠣᠰᠣᠭᠠᠷ ᠥᠭᠴᠦ᠂ ᠲᠣᠭᠠᠴᠠᠭ᠎ᠠ ᠬᠢᠬᠦ  ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠡᠮᠴᠢᠯᠡᠭᠡᠨ ᠤ ᠪᠠᠶᠢᠭᠤᠯᠤᠮᠵᠢ ᠥᠪᠡᠷ ᠢᠶᠠᠨ ᠲᠦᠯᠦᠨ᠎ᠡ᠃ ᠡᠭᠦᠨ ᠤ ᠬᠠᠮᠲᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠢ ᠳᠠᠭᠠᠵᠤ᠂ ᠲᠤᠷᠰᠢᠯᠲᠠ ᠶᠢᠨ ᠲᠥᠷᠥ ᠶᠢᠨ  ᠪᠤᠲᠤᠯᠭ᠎ᠠ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠲᠤᠭᠲᠠᠭᠠᠪᠠ᠃    ᠨᠢᠭᠡ ᠵᠢᠯ ᠤᠨ ᠲᠤᠷᠰᠢ᠂ ᠪᠥᠬᠦ ᠣᠷᠣᠨ ᠤ 14 ᠨᠢᠭᠡᠳᠦᠯᠲᠡᠶ ᠲᠦᠯᠦᠪᠯᠡᠭᠰᠡᠨ ᠭᠠᠵᠠᠷ ᠣᠷᠣᠨ ᠴᠥᠮ ᠲᠤᠷᠰᠢᠯᠲᠠ ᠶᠢᠨ ᠴᠢᠭ᠋ ᠤᠨ ᠡᠮ ᠤᠨ  ᠵᠥᠢᠯ ᠢ ᠬᠤᠳᠠᠯᠳᠤᠨ ᠠᠪᠴᠤ ᠬᠡᠷᠡᠭᠯᠡᠭᠡᠳ᠂ ᠵᠢᠯ ᠤᠨ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠡᠶᠢᠲᠡ 18724.52 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20347.2 ᠲᠦᠮᠡᠨ ᠲᠥᠭᠦᠷᠢᠭ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 52.08% ᠪᠠᠭᠤᠷᠠᠪᠠ︔ ᠵᠢᠯ ᠤᠨ ᠬᠤᠳᠠᠯᠳᠤᠨ ᠠᠪᠤᠭᠰᠠᠨ ᠬᠡᠮᠵᠢᠶ᠎ᠡ ᠨᠡᠶᠢᠲᠡ 6716.8  ᠲᠦᠮᠡᠨ ᠰᠢᠷᠬᠡᠭ ᠪᠠᠶᠢᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1920.21 ᠲᠦᠮᠡ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 22.23% ᠪᠠᠭᠤᠷᠠᠪᠠ︔ ᠡᠮᠴᠢᠯᠡᠭᠡᠨ ᠤ ᠪᠠᠶᠢᠭᠤᠯᠤᠮᠵᠢ ᠶᠢᠨ ᠦᠯᠡᠳᠡᠪᠦᠷᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠨᠡᠶᠢᠲᠡ 2234.94 ᠲᠦᠮᠡᠨ ᠲᠥᠭᠦᠷᠢᠭ ᠪᠠᠶᠢᠨ᠎ᠠ ᠃ ᠵᠢᠯ ᠤᠨ ᠬᠤᠳᠠᠯᠳᠤᠨ ᠠᠪᠬᠤ ᠵᠣᠭᠤᠰ ᠤᠨ ᠲᠤᠭ᠎ᠠ ᠢᠯᠡᠳᠲᠡ ᠳᠣᠷᠣᠭᠰᠢᠯᠠᠵᠤ᠂ ᠡᠪᠡᠳᠴᠢᠲᠡᠨ ᠤ ᠡᠮ ᠤᠨ ᠵᠠᠷᠤᠳᠠᠯ   ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ ᠶᠡᠬᠡᠪᠡᠷ ᠪᠠᠭᠠᠰᠬᠠᠪᠠ᠃ ᠡᠭᠦᠨ ᠤ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠤ ᠰᠡᠭᠦᠯᠡᠷ᠂ ᠠᠳᠠᠯᠢ ᠲᠥᠷᠥᠯ ᠤᠨ ᠡᠮ ᠤᠨ ᠳᠣᠲᠣᠷ᠎ᠠ᠂ ᠠᠷᠠᠯᠵᠢᠶᠠᠨ ᠤ  ᠨᠢᠭᠡᠴᠡ ᠶᠢᠨ ᠦᠨᠡᠲᠡᠢ ᠡᠮ ᠢ ᠬᠤᠳᠠᠯᠳᠤᠨ ᠠᠪᠬᠤ ᠬᠡᠮᠵᠢᠶ᠎ᠡ ᠢᠯᠡᠳᠲᠡ ᠪᠠᠭᠤᠷᠠᠵᠦ᠂ ᠶᠠᠰᠤ ᠴᠢᠨᠠᠷ ᠪᠣᠯᠤᠨ ᠬᠠᠩᠭᠠᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠮᠴᠢᠯᠡᠭᠡᠨ ᠤ ᠪᠠᠶᠢᠭᠤᠯᠤᠮᠵᠢ ᠪᠣᠯᠤᠨ ᠡᠪᠡᠳᠴᠢᠲᠡᠨ ᠡᠮ ᠢ ᠵᠦᠶ ᠵᠣᠬᠢᠰᠲᠠᠶ ᠬᠡᠷᠡᠭᠯᠡᠬᠦ ᠳᠠᠳᠬᠠᠯ ᠢ ᠠᠯᠬᠤᠮ  ᠠᠯᠬᠤᠮ ᠢᠶᠠᠷ ᠪᠦᠷᠢᠯᠳᠦᠭᠦᠯᠵᠦ᠂ ᠡᠮ ᠤᠨ ᠵᠥᠢᠯ ᠤᠨ ᠦᠨ᠎ᠡ ᠬᠠᠩᠰᠢ ᠶᠢᠨ ᠵᠦᠶ  ᠵᠤᠬᠢᠰᠵᠢᠯ ᠢ ᠠᠬᠢᠭᠤᠯᠪᠠ᠃http://mongol.people.com.cn/15827527.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号