ᠬᠤᠲᠠ ᠶᠢᠨ ᠵᠠᠰᠠᠭ ᠤᠨ ᠣᠷᠳᠣᠨ 2020 ᠣᠨ ᠤ 39 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/26
ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ      10 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 39 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ︾ ︽ᠬᠥᠬᠡᠬᠤᠲᠠ ᠶᠢᠨ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠬᠠᠮᠢᠶᠠᠷᠤᠯᠲᠠ ᠶᠢᠨ ᠠᠷᠭ᠎ᠠ︾ ︽2021 ᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ︾ ᠵᠡᠷᠭᠡ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠬᠤᠲᠠ ᠶᠢᠨ ᠮᠧᠲᠷᠤ᠋ ᠶᠢᠨ 1᠂ 2 ᠳ᠋ᠤᠭᠠᠷ ᠱᠤᠭᠤᠮ ᠡᠵᠡᠩᠨᠡᠯᠲᠡ ᠳᠤ ᠣᠷᠣᠭᠰᠠᠨ ᠠᠴᠠ ᠨᠠᠭᠠᠰᠢ᠂ ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠤᠯᠬᠤ᠂ ᠶᠠᠪᠤᠵᠤ ᠰᠠᠭᠤᠬᠤ ᠳᠤ ᠳᠥᠭᠦᠮ ᠦᠵᠡᠭᠦᠯᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠭᠠᠷᠭᠠᠪᠠ᠃ ᠮᠧᠲᠷᠤ᠋ ᠶᠢᠨ ᠡᠵᠡᠩᠨᠡᠯᠲᠡ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠨᠢ ᠣᠯᠠᠨ ᠲᠦᠮᠡᠨ ᠤ ᠲᠡᠷᠭᠡᠨ ᠳᠤ ᠰᠠᠭᠤᠬᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ︽ᠬᠥᠬᠡᠬᠤᠲᠠ ᠶᠢᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠠᠵᠢᠯ ᠤᠨ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠮᠧᠲᠷᠤ᠋ ᠶᠢᠨ ᠵᠢᠷᠤᠮᠵᠢᠯ ᠲᠠᠢ᠂ ᠠᠶᠤᠯᠭᠦᠢ ᠡᠵᠡᠩᠨᠡᠯᠲᠡ ᠶᠢ ᠪᠠᠲᠤᠯᠠᠵᠤ᠂ ᠠᠷᠠᠳ ᠲᠦᠮᠡᠨ ᠳᠤ ᠮᠧᠲᠷᠤ᠋ ᠶᠢᠨ ᠴᠠᠭ ᠦᠶ᠎ᠡ ᠶᠢᠨ ᠠᠶᠤᠯᠭᠦᠢ᠂ ᠳᠥᠭᠦᠮ ᠳᠥᠲᠡ ᠦᠢᠯᠡᠴᠢᠯᠡᠭᠡ ᠶᠢ ᠬᠦᠷᠲᠡᠭᠡᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠭᠠᠯ ᠰᠡᠷᠭᠡᠶᠢᠯᠡᠬᠦ ᠠᠶᠤᠯᠭᠦᠢ ᠶᠢᠨ ᠤᠴᠢᠷ ᠨᠢ ᠥᠷᠭᠡᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠢᠯᠠᠩᠭᠤᠶ᠎ᠠ ᠮᠠᠨ ᠤ ᠬᠤᠲᠠ ᠶᠢᠨ ᠬᠠᠭᠤᠴᠢᠨ ᠬᠤᠷᠢᠶᠠᠯᠠᠯ ᠣᠯᠠᠨ᠂ ᠥᠨᠳᠥᠷ ᠪᠠᠷᠢᠯᠭ᠎ᠠ ᠣᠯᠠᠨ᠂ ᠬᠥᠮᠦᠨ ᠬᠠᠷ᠎ᠠ ᠲᠥᠪᠯᠡᠷᠡᠵᠦ᠂ ᠭᠠᠯ ᠤᠨᠲᠠᠷᠠᠭᠠᠬᠤ ᠠᠶᠤᠯᠭᠦᠢ ᠶᠢᠨ ᠵᠠᠮ ᠤᠨ ᠬᠠᠮᠢᠶᠠᠷᠤᠯᠲᠠ ᠶᠢ ᠴᠢᠩᠭᠠᠳᠬᠠᠬᠤ ᠨᠢ ᠮᠠᠰᠢ ᠴᠢᠬᠤᠯᠠ ᠶᠤᠮ᠃ ︽ᠬᠥᠬᠡᠬᠤᠲᠠ ᠶᠢᠨ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠬᠠᠮᠢᠶᠠᠷᠤᠯᠲᠠ ᠶᠢᠨ ᠠᠷᠭ᠎ᠠ︾ ᠶᠢ ᠲᠤᠭᠲᠠᠭᠠᠬᠤ ᠨᠢ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠲᠥᠯᠥᠪᠵᠢᠭᠦᠯᠭᠡ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠲᠦᠢᠮᠡᠷ ᠢ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠠᠮ ᠤᠨ ᠰᠠᠭᠠᠳ ᠦᠭᠡᠶ ᠨᠡᠪᠲᠡᠷᠡᠬᠦ ᠶᠢ ᠦᠨᠡᠨᠬᠦ  ᠪᠠᠳᠤᠯᠠᠵᠤ ᠴᠢᠳᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠬᠥᠬᠡᠬᠤᠲᠠ ᠶᠢᠨ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠵᠦ᠂ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠤᠨ ᠪᠤᠳᠠᠳᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ᠂ ᠬᠠᠤᠯᠢ ᠲᠣᠭᠲᠠᠭᠠᠬᠤ ᠠᠵᠢᠯ ᠤᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠣᠯ ᠬᠤᠳᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠲᠣᠭᠲᠠᠭᠠᠬᠤ ᠳᠡᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠡᠯ᠎ᠡ  ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ ᠠᠵᠢᠯ ᠤᠨ ᠣᠨ ᠤ ᠲᠥᠯᠥᠪᠯᠡᠭᠡ ᠲᠣᠭᠲᠠᠭᠠᠵᠤ᠂ 2021 ᠣᠨ ᠤ ᠬᠠᠤᠯᠢ ᠲᠣᠭᠲᠠᠭᠠᠬᠤ ᠲᠥᠯᠥᠪᠯᠡᠭᠡ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠳᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃      ᠬᠤᠲᠠ ᠶᠢᠨ ᠤᠳᠤᠷᠢᠳᠤᠯᠭ᠎ᠠ ᠯᠦᠸᠧ ᠴᠢᠩ᠂ ᠯᠢᠦ ᠴᠧᠩ ᠮᠢᠨ᠂ ᠸᠠᠩ ᠬᠤᠤ ᠯᠸᠢ᠂ ᠰᠢᠤᠢ ᠷᠦᠢ ᠰᠢᠶᠠ᠂ ᠪᠢ ᠭᠦᠸᠧ ᠴᠧᠨ᠂ ᠮᠠᠤ ᠪᠦᠦ ᠹᠧᠩ᠂ ᠴᠢᠶᠣᠤ ᠶᠦᠨ ᠯᠢ᠂ ᠵᠠᠩ ᠭᠦᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠬᠤᠷᠠᠯ ᠳᠤ ᠣᠷᠣᠯᠴᠠᠵᠠᠶ᠃  ᠬᠤᠯᠪᠤᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠢᠶ᠎ᠠ ᠪᠦᠬᠦᠢ ᠵᠦᠪᠯᠡᠬᠦ ᠵᠦᠢᠯ ᠳᠤ ᠰᠤᠯᠠ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号