ᠬᠥᠬᠡᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ  ᠵᠠᠷᠤᠳᠠᠯ ᠢ ᠨᠢᠭᠡᠨᠲᠡ 39939.2 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2020/10/27
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠡᠤ ᠽᠢ ᠰᠢᠥᠸᠠᠨ︶ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠵᠠᠰᠠᠭ ᠤᠨ ᠣᠷᠳᠣᠨ ᠰᠢᠨᠵᠢᠯᠡᠬᠦ ᠤᠬᠠᠭᠠᠨ ᠮᠡᠷᠭᠡᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ 9 ᠬᠤᠰᠢᠭᠤ ᠰᠢᠶᠠᠨ  ᠲᠣᠭᠤᠷᠢᠭ ᠪᠠ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠠᠷᠤᠳᠠᠯ ᠢ ᠰᠠᠯᠭᠠᠨ ᠥᠭᠭᠦᠭᠰᠡᠨ ᠪᠠᠶᠢᠳᠠᠯ ᠳᠤ  ᠪᠠᠶᠢᠴᠠᠭᠠᠯᠲᠠ ᠬᠢᠪᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2018 ᠣᠨ᠂ 2019 ᠣᠨ ᠳᠤ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ ᠨᠡᠶᠢᠲᠡ 51268.99 ᠲᠦᠮᠡᠨ ᠲᠥᠭᠦᠷᠢᠭ ᠲᠤ ᠬᠦᠷᠴᠡᠶ᠃ ᠬᠤᠲᠠ ᠶᠢᠨ ᠲᠣᠰ ᠱᠠᠲᠤᠨ ᠤ ᠰᠢᠭᠤᠳ ᠪᠠᠭᠤᠯᠭᠠᠭᠰᠠᠨ ᠪᠡᠯᠡ ᠮᠥᠩᠭᠦ 11329.79 ᠲᠦᠮᠡᠨ ᠲᠥᠭᠦᠷᠢᠭ ᠢ ᠭᠠᠷᠭᠠᠪᠠᠯ᠂ ᠦᠯᠡᠳᠡᠭᠰᠡᠨ 39939.2 ᠲᠦᠮᠡᠨ ᠲᠥᠭᠦᠷᠢᠭ ᠢ ᠪᠦᠬᠦᠨ ᠢ 9 ᠬᠤᠰᠢᠭᠤ ᠰᠢᠶᠠᠨ ᠲᠣᠭᠤᠷᠢᠭ ᠪᠠ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠭᠤᠯᠭᠠᠪᠠ᠃    ᠣᠳᠣ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ 2018 ᠣᠨ᠂ 2019 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ ᠶᠢᠨ ᠳᠤᠮᠳᠠᠴᠢ ᠰᠢᠯᠵᠢᠭᠦᠯᠦᠨ ᠦᠭᠬᠦᠭᠰᠡᠨ ᠨᠣᠷᠮ᠎ᠠ 90% ᠳᠤ ᠬᠦᠷᠴᠦ᠂ ᠡᠬᠦᠨ ᠳᠤ ᠬᠤᠷᠢᠨᠬᠡᠷ ᠰᠢᠶᠠᠨ᠂ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠶ ᠴᠢᠤᠸᠠᠨ ᠲᠣᠭᠤᠷᠢᠭ ᠤᠨ ᠰᠢᠯᠵᠢᠭᠦᠯᠦᠨ ᠦᠭᠬᠦᠭᠰᠡᠨ ᠨᠣᠷᠮ᠎ᠠ 100% ᠳᠤ ᠬᠦᠷᠴᠡᠶ︔ ᠴᠢᠩ ᠱᠦᠶ ᠾᠧ ᠰᠢᠶᠠᠨ᠂ ᠦᠴᠤᠸᠠᠨ ᠰᠢᠶᠠᠨ᠂ ᠰᠠᠶᠢᠬᠠᠨ ᠲᠣᠭᠤᠷᠢᠭ ᠤᠨ ᠰᠢᠯᠵᠢᠭᠦᠯᠦᠨ ᠦᠭᠬᠦᠭᠰᠡᠨ ᠨᠣᠷᠮ᠎ᠠ ᠨᠢ ᠳᠤᠮᠳᠠᠴᠢ ᠪᠠᠷ 90% ᠠᠴᠠ ᠳᠡᠭᠡᠭᠰᠢ ᠳᠤ ᠬᠦᠷᠴᠡᠶ︔ ᠨᠡᠭᠡᠭᠡᠯᠲᠡ ᠶᠢᠨ ᠲᠣᠭᠤᠷᠢᠭ ᠤᠨ ᠰᠢᠯᠵᠢᠭᠦᠯᠦᠨ ᠦᠭᠬᠦᠭᠰᠡᠨ ᠨᠣᠷᠮ᠎ᠠ 81%᠂ ᠲᠦᠮᠡᠳ ᠵᠡᠭᠦᠨ ᠬᠤᠰᠢᠭᠤᠨ ᠤ ᠰᠢᠯᠵᠢᠭᠦᠯᠦᠨ ᠦᠭᠬᠦᠭᠰᠡᠨ ᠨᠣᠷᠮ᠎ᠠ 53%᠂ ᠲᠤᠭᠲᠠᠬᠤ‌‍ᠰᠢᠶᠠᠨ ᠤ ᠰᠢᠯᠵᠢᠭᠦᠯᠦᠨ ᠦᠭᠬᠦᠭᠰᠡᠨ ᠨᠣᠷᠮ᠎ᠠ 36% ᠳᠤ ᠬᠦᠷᠴᠡᠶ᠃ ᠰᠢᠮᠳᠠᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠡᠯ᠎ᠡ ᠭᠠᠵᠠᠷ ᠣᠷᠣᠨ ᠤ ᠪᠠᠯᠠ ᠮᠥᠩᠭᠦ ᠰᠢᠯᠵᠢᠭᠦᠯᠦᠨ ᠥᠭᠬᠦ ᠠᠬᠢᠴᠠ ᠢᠯᠡᠳᠲᠡ ᠲᠦᠷᠭᠡᠳᠴᠦ᠂ ᠢᠯᠡᠳᠲᠡ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ  ᠵᠣᠶᠢᠯ ᠤᠨ ᠪᠠᠯᠠ ᠮᠥᠩᠭᠦ ᠶᠢ ᠰᠢᠯᠵᠢᠭᠦᠯᠦᠨ ᠥᠭᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠵᠢᠯ ᠤᠨ ᠲᠥᠰᠦᠯ︾ ᠢ ᠲᠣᠭᠲᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠦᠩᠬᠦ ᠶᠢ ᠠᠯᠢ ᠲᠦᠷᠭᠡᠨ ᠢᠶᠠᠷ ᠰᠢᠯᠵᠢᠭᠦᠯᠦᠨ ᠥᠭᠬᠦ ᠶᠢ ᠢᠳᠡᠪᠬᠢᠲᠡᠶ ᠪᠠᠷ  ᠱᠠᠭᠠᠷᠳᠠᠪᠠ  ᠃    ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠯᠠ ᠮᠥᠩᠭᠦ ᠰᠢᠯᠵᠢᠭᠦᠯᠦᠨ ᠥᠭᠬᠦ ᠬᠢᠨᠠᠨ ᠵᠢᠯᠣᠭᠤᠳᠬᠤ ᠠᠵᠢᠯ ᠤᠨ ᠤᠳᠤᠷᠢᠳᠬᠤ ᠲᠣᠭᠤᠶᠢᠯᠠᠩ ᠪᠠᠶᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ ᠶᠢ ᠰᠢᠯᠵᠢᠭᠦᠯᠦᠨ  ᠥᠭᠭᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠵᠢ‌ᠬᠠᠷᠢᠭᠤᠴᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠳᠦᠷᠢᠮ᠂ ᠵᠢᠯ ᠤᠨ ᠡᠴᠦᠰ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ᠂ ᠤᠷᠲᠤ ᠬᠤᠭᠤᠴᠠᠭᠠᠨ ᠤ ᠪᠦᠲᠦᠮᠵᠢᠲᠡᠶ ᠰᠢᠮᠳᠠᠭᠤᠯᠤᠨ  ᠪᠠᠶᠢᠴᠠᠭᠠᠬᠤ ᠳᠦᠷᠢᠮ  ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠣᠶᠢᠯ ᠤᠨ ᠪᠡᠯᠡ ᠮᠥᠩᠭᠦ ᠶᠢ ᠰᠢᠯᠵᠢᠭᠦᠯᠦᠨ ᠥᠭᠴᠦ  ᠪᠣᠳᠠᠲᠠᠶᠢᠵᠢᠭᠤᠯᠣᠭᠰᠠᠨ ᠪᠠᠶᠢᠳᠠᠯ ᠪᠣᠯᠤᠨ ᠳᠠᠷᠠᠭ᠎ᠠ ᠨᠢᠭᠡ ᠵᠢᠯ ᠤᠨ ᠪᠡᠯᠡ ᠮᠥᠩᠭᠦ ᠶᠢᠨ ᠬᠤᠪᠢᠶᠠᠷᠢᠯᠠᠯᠲᠠ ᠶᠢ ᠬᠤᠯᠪᠣᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ  ᠵᠣᠶᠢᠯ ᠤᠨ ᠪᠡᠯᠡ ᠮᠥᠩᠭᠦ ᠶᠢ ᠰᠢᠯᠵᠢᠭᠦᠯᠦᠨ ᠥᠭᠬᠦ᠂ ᠬᠡᠷᠡᠭᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠯᠡ ᠮᠥᠩᠭᠦ  ᠰᠢᠯᠵᠢᠭᠦᠯᠦᠨ ᠥᠭᠬᠦ  ᠶᠠᠪᠤᠴᠠ ᠶᠢ ᠵᠢᠷᠣᠮᠵᠢᠭᠤᠯᠣᠨ᠎ᠠ᠃http://mongol.people.com.cn/15827742.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号