︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠥᠬᠡᠬᠤᠲᠠ ᠶᠢᠨ | ᠲᠣᠮᠣ ᠳ᠋ᠠᠶᠢᠲ᠋ᠠ ᠶᠢᠨ ᠠᠵᠤ ᠦᠢᠯᠡᠰ ᠲᠣᠭᠲᠠᠭᠤᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠯᠠᠪᠳᠠᠭᠤᠨ ᠪᠡᠶᠡᠯᠡᠭᠳᠡᠵᠦ᠂ ᠲᠣᠮᠣ ᠳ᠋ᠠᠶᠢᠲ᠋ᠠ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠨ ᠳᠡᠰ ᠳᠡᠪᠰᠢᠵᠦ᠂ ᠲᠣᠭᠠᠴᠢᠯᠠᠭᠰᠠᠨ ᠠᠵᠤ ᠦᠢᠯᠡᠰᠵᠢᠯᠲᠡ | ᠲᠦᠷᠭᠡᠨ ᠬᠥᠭᠵᠢᠵᠦ᠂ ᠬᠡᠷᠡᠭᠯᠡᠭᠡᠨ ᠤ ᠬᠦᠷᠢᠶ᠎ᠡ ᠲᠠᠰᠤᠷᠠᠯᠲᠠ ᠦᠭᠡᠢ ᠥᠷᠭᠡᠳᠴᠦ᠂ ᠤᠶᠤᠨᠲᠤ ᠬᠤᠲᠠ ᠶᠢᠨ | ᠪᠦᠲᠦᠭᠡᠨ ᠪᠠᠶᠢᠭᠤᠯᠤᠯᠲᠠ ᠯᠠᠪᠳᠠᠭᠤᠨ ᠠᠬᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠢ᠃ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ᠂ ᠮᠠᠨ ᠤ ᠬᠤᠲᠠ | ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠳᠡᠭᠡ ᠵᠠᠩᠭᠢᠵᠢᠯᠲᠠ ᠶᠢᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠤᠬᠢᠷᠠᠭᠤᠯᠤᠨ ᠲᠡᠭᠦᠯᠳᠡᠷᠵᠢᠭᠦᠯᠵᠦ᠂ | ᠲᠣᠭᠠᠴᠢᠯᠠᠭᠰᠠᠨ ᠪᠡᠯᠡᠳᠬᠡᠮᠵᠢ ᠶᠢᠨ ᠲᠠᠰᠤᠷᠠᠯᠲᠠ ᠦᠭᠡᠢ ᠳᠡᠰ ᠳᠡᠪᠰᠢᠬᠦ ᠪᠠ ᠲᠡᠭᠦᠯᠳᠡᠷᠵᠢᠭᠦ ᠶᠢ ᠪᠡᠶᠡᠯᠡᠭᠦᠯᠪᠡ᠃ | 4G ᠶᠢᠨ ᠰᠦᠯᠵᠢᠶᠡᠨ ᠤ ᠪᠦᠷᠬᠦᠴᠡ ᠶᠢᠨ ᠨᠣᠷᠮ᠎ᠠ 98% ᠳᠤ ᠬᠦᠷᠴᠦ᠂ ᠰᠢᠯᠵᠢᠮᠡᠯ ᠥᠷᠭᠡᠨ ᠪᠦᠰᠡ ᠶᠢᠨ | ᠲᠦᠭᠡᠮᠡᠯᠵᠢᠯᠲᠡ ᠶᠢᠨ ᠨᠣᠷᠮ᠎ᠠ 124% ᠳᠤ ᠬᠦᠷᠴᠦ᠂ ᠵᠠᠰᠠᠭ ᠵᠠᠬᠢᠷᠭᠠᠨ ᠤ ᠲᠤᠰᠬᠤᠨ ᠪᠦᠷᠢ ᠳᠤ ᠥᠷᠭᠡᠨ | ᠪᠦᠰᠡ ᠶᠢ ᠨᠡᠶᠢᠳᠡᠮ ᠪᠦᠷᠬᠦᠵᠡᠶ᠃ ᠰᠢᠯᠵᠢᠮᠡᠯ ᠥᠷᠭᠡᠨ ᠪᠦᠰᠡᠲᠦ ᠰᠦᠯᠵᠢᠶ᠎ᠡ ᠶᠢᠨ ᠬᠠᠷᠢᠯᠴᠠᠬᠤ ᠬᠤᠷᠳᠤᠴᠠ ᠨᠢ | ᠪᠠᠷᠠᠭᠤᠨ ᠬᠡᠰᠡᠭ ᠤᠨ ᠮᠤᠵᠢ ᠶᠢᠨ ᠲᠥᠪ ᠬᠤᠲᠠᠳ ᠤᠨ ᠳᠥᠷᠪᠡᠳᠦᠭᠡᠷ ᠲᠤ ᠤᠷᠤᠪᠠ᠃ ᠤᠯᠤᠰ ᠤᠨ ᠲᠡᠰ ᠤᠨ | ᠢᠨᠲ᠋ᠧᠷ ᠰᠦᠯᠵᠢᠶᠡᠨ ᠤ ᠭᠤᠣᠯ ᠬᠦᠴᠦᠨ ᠤ ᠰᠢᠭᠤᠳ ᠬᠤᠯᠪᠣᠭ᠎ᠠ ᠶᠢᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠭᠤᠣᠯ ᠲᠣᠣᠷ ᠤᠨ ︽ᠭᠠᠳᠠᠭᠠᠳᠤ ᠳᠤ ᠭᠠᠷᠭᠠᠬᠤ ᠪᠦᠰᠡ ᠶᠢᠨ ᠥᠷᠭᠡᠨ ᠢ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠪᠡᠭᠡᠵᠢᠩ ᠳᠤ ᠰᠢᠭᠤᠳ ᠨᠡᠪᠲᠡᠷᠡᠬᠦ ᠭᠡᠷᠡᠯᠯᠢᠭ ᠳᠡᠭᠡᠰᠦ ᠶᠢ 4 | ᠵᠤᠷᠪᠤᠰ ᠪᠠᠶᠢᠭᠤᠯᠵᠤ᠂ ᠮᠤᠵᠢ ᠶᠢᠨ ᠬᠤᠭᠤᠷᠣᠨᠳᠣᠬᠢ ᠭᠠᠳᠠᠭᠠᠳᠤ ᠳᠤ ᠭᠠᠷᠭᠠᠬᠤ ᠪᠦᠰᠡ ᠶᠢᠨ ᠥᠷᠭᠡᠨ ᠨᠢ 22.54 | Tbps ︵ᠳ᠋ᠠᠶᠢᠲ᠋ᠠ ᠶᠢᠨ ᠲᠥᠪ ᠪᠠᠭᠲᠠᠨ᠎ᠠ︶ ᠬᠦᠷᠴᠦ᠂ ᠪᠡᠭᠡᠵᠢᠩ ᠯᠦᠭᠡ ᠬᠠᠷᠢᠯᠴᠠᠨ ᠠᠶᠢᠯᠴᠢᠯᠠᠬᠤ ᠴᠠᠭ ᠨᠢ | ᠵᠥᠪᠬᠡᠨ 10 ᠮᠢᠯᠢᠰᠺᠦ᠋ᠨᠳ᠋ ᠪᠤᠯᠪᠠ᠃ ᠰᠠᠨᠰᠠᠷ ᠤᠨ ᠠᠶᠠᠯᠠᠯ ᠤᠨ ᠡᠭᠦᠯᠡᠨ ᠰᠦᠯᠵᠢᠶ᠎ᠡ᠂ ᠪᠠᠶ ᠳ᠋ᠦ᠋᠂ ᠬᠤᠸᠠ ᠸᠧᠶ | ᠵᠡᠷᠭᠡ ᠲᠣᠮᠣ ᠳ᠋ᠠᠶᠢᠲ᠋ᠠ ᠶᠢᠨ ᠬᠡᠷᠡᠭᠯᠡᠭᠡᠨᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠢᠮᠡᠯ ᠣᠶᠤᠨ ᠤ ᠬᠡᠲᠦ | ᠪᠣᠳᠣᠯᠭ᠎ᠠ ᠶᠢᠨ ᠲᠠᠪᠴᠠᠩ ᠢ ᠠᠰᠢᠭᠯᠠᠯᠲᠠ ᠳᠤ ᠣᠷᠣᠭᠤᠯᠵᠤ᠂ ᠶᠡᠷᠦᠩᠬᠡᠶ ᠪᠣᠳᠣᠯᠭ᠎ᠠ ᠶᠢᠨ ᠴᠢᠳᠠᠪᠤᠷᠢ ᠨᠢ | 100PFLOPS ᠠᠴᠠ ᠳᠠᠪᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠬᠡᠲᠦ ᠪᠣᠳᠣᠯᠭ᠎ᠠ | ᠶᠢ ᠲᠡᠷᠢᠭᠦᠨ ᠤ ᠬᠢᠷᠢ ᠲᠦᠪᠰᠢᠨ ᠳᠤ ᠬᠦᠷᠦᠭᠦᠯᠪᠡ᠃ ᠤᠰᠤᠨ ᠠᠰᠢᠭᠯᠠᠯᠲᠠ᠂ ᠬᠤᠲᠠ ᠶᠢᠨ ᠶᠠᠪᠤᠳᠠᠯ ᠵᠡᠷᠭᠡ | ᠤᠯᠠᠮᠵᠢᠯᠠᠯᠲᠤ ᠰᠠᠭᠤᠷᠢ ᠲᠥᠬᠦᠭᠡᠷᠦᠮᠵᠢ ᠶᠢᠨ ᠣᠶᠤᠨᠴᠢᠯᠠᠭᠰᠠᠨ ᠳᠡᠰ ᠳᠡᠪᠰᠢᠭᠦᠯᠦᠯᠲᠡ ᠶᠢ ᠲᠦᠷᠭᠡᠳᠬᠡᠵᠦ᠂ ᠪᠥᠬᠦ | ᠣᠷᠣᠨ ᠤ ᠠᠩᠬᠠᠳᠠᠭᠴᠢ 5G ᠤᠶᠤᠨᠲᠤ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠢ | ᠠᠰᠢᠭᠯᠠᠵᠦ᠂ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠰᠡᠷᠡᠯ ᠳᠠᠮᠵᠢᠭᠤᠯᠤᠭᠴᠢ ᠶᠢ ᠢᠳᠡᠪᠬᠢᠲᠡᠶ ᠬᠡᠷᠡᠭᠯᠡᠵᠦ᠂ | ᠵᠠᠮ᠂ ᠬᠥᠭᠦᠷᠭᠡ᠂ ᠵᠠᠮ ᠤᠨ ᠳ᠋ᠧᠩ ᠵᠡᠷᠭᠡ ᠬᠤᠲᠠ ᠶᠢᠨ ᠰᠠᠭᠤᠷᠢ ᠲᠦᠬᠦᠭᠡᠷᠤᠮᠵᠢ ᠶᠢᠨ ᠬᠥᠳᠡᠯᠦᠯ ᠪᠠᠶᠢᠳᠠᠯ ᠢ | ᠬᠢᠨᠠᠨ ᠬᠡᠮᠵᠢᠵᠦ ᠬᠠᠮᠢᠶᠠᠷᠤᠯᠲᠠ ᠶᠢ ᠪᠡᠶᠡᠯᠡᠭᠦᠯᠪᠡ ᠃ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠲᠠ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ ᠳ᠋ᠠᠶᠢᠲ᠋ᠠ ᠶᠢᠨ | ᠠᠵᠤ ᠦᠢᠯᠡᠰ ᠤᠨ ᠬᠡᠯᠬᠢᠶ᠎ᠡ ᠡᠳᠦᠷ ᠢᠷᠡᠬᠦᠶ᠎ᠡ ᠪᠦᠷᠢᠯᠳᠦᠪᠡ᠃ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠲᠥᠪᠯᠡᠷᠡᠭᠰᠡᠨ ᠣᠷᠣᠨ ᠪᠠ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠬᠤᠷᠢᠨᠭᠡᠷ ᠰᠢᠨ᠎ᠡ ᠲᠣᠭᠤᠷᠢᠭ ᠪᠣᠯᠤᠨ ᠰᠢᠨ᠎ᠡ ᠬᠤᠲᠠ ᠲᠣᠭᠤᠷᠢᠭ ᠤᠨ ᠬᠥᠬᠡᠬᠤᠲᠠ ᠶᠢᠨ ᠰᠢᠨᠵᠢᠯᠡᠭᠡ | ᠮᠡᠷᠭᠡᠵᠢᠯ ᠤᠨ ᠬᠤᠲᠠ ᠪᠠᠷ ᠭᠤᠤᠯ ᠪᠣᠯᠭᠠᠵᠤ᠂ ᠲᠣᠮᠣ ᠳ᠋ᠠᠶᠢᠲ᠋ᠠ ᠶᠢᠨ ᠭᠤᠤᠯ ᠠᠵᠤ ᠦᠢᠯᠡᠰ ᠢ ᠬᠥᠭᠵᠢᠭᠦᠯᠵᠡᠶ᠃ | ︵ ᠯᠢ ᠬᠠᠢ ᠵᠧᠨ ︶ | http://mongol.people.com.cn/15827737.html |