ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠨ ᠯᠢᠩ ᠯᠢᠩ︶ ᠨᠡᠭᠦᠷᠡᠰᠦ | ᠰᠢᠲᠠᠭᠠᠬᠤ ᠶᠢ ᠴᠡᠭᠴᠡᠯᠡᠨ ᠵᠠᠰᠠᠬᠤ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠬᠤ | ᠠᠵᠢᠯ ᠲᠤᠮᠲᠠ ᠤᠷᠤᠰᠢᠵᠦ ᠪᠠᠶᠢᠭ᠎ᠠ ᠠᠵᠢᠯ ᠤᠨ ᠠᠬᠢᠴᠠ ᠤᠲᠠᠭᠠᠨ᠂ ᠨᠡᠭᠦᠷᠡᠰᠦ ᠰᠢᠲᠠᠭᠠᠬᠤ ᠶᠢ ᠴᠡᠭᠴᠡᠯᠡᠨ | ᠵᠠᠰᠠᠬᠤ ᠠᠵᠢᠯ ᠲᠦᠢᠯᠪᠤᠷᠢᠲᠠᠶ ᠪᠤᠰᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠭᠦᠢᠴᠡᠳ ᠪᠤᠰᠤ ᠵᠡᠷᠭᠡ | ᠠᠰᠠᠭᠤᠳᠠᠯ ᠳᠤ ᠴᠢᠭᠯᠡᠭᠦᠯᠦᠨ᠂ ᠬᠦᠬᠡᠬᠤᠲᠠ ᠶᠢᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠦᠪᠯᠡᠯ ᠤᠨᠤᠴᠠᠲᠠᠢ ᠬᠢᠨᠠᠯᠲᠠ ᠲᠠᠯᠪᠢᠵᠦ᠂ ᠨᠢᠭᠡᠨᠲᠡ 27 ᠬᠤᠪᠢ ᠰᠠᠨᠠᠭᠤᠯᠭ᠎ᠠ᠂ ᠱᠠᠯᠠᠪᠲᠠᠭᠤᠯᠤᠨ | ᠰᠢᠢᠳᠪᠦᠷᠢᠯᠡᠭᠦᠯᠬᠦ ᠰᠠᠨᠠᠯ ᠪᠠᠭᠤᠯᠭᠠᠵᠤ᠂ 43 ᠬᠥᠮᠦᠨ ᠤᠳᠠᠭ᠎ᠠ ᠲᠠᠢ ᠪᠣᠯᠵᠣᠨ ᠶᠠᠷᠢᠯᠴᠠᠵᠤ᠂ 27 ᠬᠥᠮᠦᠨ | ᠤᠳᠠᠭ᠎ᠠ ᠶᠢ ᠴᠢᠩᠭ᠎ᠠ ᠰᠢᠭᠦᠮᠵᠢᠯᠡᠨ ᠰᠤᠷᠭᠠᠪᠠ᠃ | 9 ᠰᠠᠷ᠎ᠠ ᠠᠴᠠ ᠡᠬᠢᠯᠡᠨ᠂ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠳᠥᠷᠪᠡᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠤᠲᠠ ᠶᠢᠨ ᠳᠥᠷᠪᠡᠨ | ᠲᠣᠭᠤᠷᠢᠭ ᠤᠨ 135 ᠲᠣᠰᠬᠤᠨ ᠪᠠ 43 ᠰᠠᠭᠤᠭᠠᠯᠢ ᠠᠷᠠᠳ ᠤᠨ ᠲᠣᠭᠤᠷᠢᠭ ᠲᠤ ᠭᠤᠣᠯᠳᠠᠯᠭ᠎ᠠ ᠲᠠᠢ | ᠭᠦᠨᠵᠡᠭᠡᠶᠢᠷᠡᠵᠦ᠂ ᠲᠠᠰᠢᠷᠠᠮ ᠢᠶᠠᠷ ᠲᠠᠯᠲᠠᠭᠤᠷ ᠰᠤᠷᠪᠤᠯᠵᠢᠯᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ | ᠭᠠᠵᠠᠷ ᠲᠤᠨᠢ ᠬᠢᠨᠠᠨ ᠵᠢᠯᠣᠭᠤᠳᠬᠤ᠂ ᠲᠤᠰᠬᠠᠶ ᠰᠡᠳᠦᠪᠲᠦ ᠬᠤᠷᠠᠯ ᠬᠢᠬᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ | ᠪᠣᠯᠵᠣᠨ ᠶᠠᠷᠢᠯᠴᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠪᠠᠷᠢᠯᠭ᠎ᠠ ᠶᠢᠨ ᠠᠵᠢᠯ ᠤᠨ ᠠᠬᠢᠴᠠ᠂ ᠺᠠᠳ᠋ᠷ ᠤᠨ ᠠᠵᠢᠯ ᠤᠨ ᠰᠤᠷᠲᠠᠯ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠥᠷᠪᠡᠨ ᠲᠠᠯ᠎ᠠ ᠶᠢᠨ ᠲᠣᠭᠤᠷᠢᠨ ᠳᠤ᠂ ᠬᠤᠲᠠ ᠶᠢᠨ | ᠲᠣᠭᠤᠷᠢᠭ ᠤᠨ ᠨᠡᠭᠦᠷᠡᠰᠦ ᠰᠢᠲᠠᠭᠠᠬᠤ ᠶᠢ ᠴᠡᠭᠴᠡᠯᠡᠨ ᠵᠠᠰᠠᠬᠤ ᠪᠠ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ | ᠥᠭᠡᠷᠡᠴᠢᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠱᠠᠯᠠᠪᠲᠠᠭᠤᠯᠤᠨ | ᠪᠠᠶᠢᠴᠠᠭᠠᠪᠡ᠃ | ᠣᠳᠣ ᠪᠣᠯᠲᠠᠯ᠎ᠠ᠂ ᠬᠦᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠲᠣᠮᠢᠯᠠᠭᠰᠠᠨ ᠳᠥᠷᠪᠡᠨ ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠨᠢᠭᠡᠨᠲᠡ 5 ᠡᠭᠡᠯᠵᠢ ᠶᠢᠨ | ᠱᠠᠯᠠᠪᠲᠠᠭᠤᠯᠤᠨ ᠪᠠᠶᠢᠴᠠᠭᠠᠯᠲᠠ ᠬᠢᠵᠦ᠂ 74 ᠤᠳᠠᠭ᠎ᠠ ᠲᠤᠰᠬᠠᠶ ᠰᠡᠳᠦᠪᠲᠦ ᠰᠤᠳᠤᠯᠣᠨ ᠶᠠᠷᠢᠯᠴᠠᠬᠤ ᠬᠤᠷᠠᠯ ᠬᠢᠵᠦ | ᠂ 89 ᠤᠳᠠᠭ᠎ᠠ ᠲᠤᠬᠠᠢ ᠶᠢᠨ ᠲᠠᠯᠠᠪᠠᠢ ᠶᠢᠨ ᠬᠤᠷᠠᠯ ᠬᠢᠵᠦ᠂ 104 ᠠᠰᠠᠭᠤᠳᠠᠯ ᠢ ᠵᠢᠭᠠᠨ ᠭᠠᠷᠭᠠᠵᠦ᠂ 81 | ᠵᠤᠷᠪᠤᠰ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ 35 ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠬᠦ ᠶᠢ ᠠᠬᠢᠭᠤᠯᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ᠠᠷᠠᠳ ᠤᠯᠠᠨ ᠤ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠳᠤ | ᠪᠠᠲᠤᠯᠠᠭ᠎ᠠ ᠬᠠᠩᠭᠠᠪᠠ᠃ |