ᠮᠠᠨ ᠤ ᠬᠤᠲᠠ ᠲᠤᠰᠬᠠᠢ ᠲᠥᠷᠥᠯ ᠤᠨ ᠪᠡᠯᠡ ᠮᠥᠩᠭᠦ ᠭᠠᠷᠭᠠᠵᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2020/10/27
       ︵ᠰᠤᠷᠪᠤᠯᠵᠢᠯᠠᠭᠴᠢ ᠰᠦᠩ ᠰᠢᠶᠠᠩ ᠬᠤᠸᠠ︶ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠡᠭᠦᠯ ᠬᠤᠷᠢᠶᠠᠬᠤ ᠵᠢᠯ ᠪᠣᠯᠣᠨ᠎ᠠ᠂ ᠮᠥᠨᠴᠦ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠡᠶᠡᠯᠡᠭᠦᠯᠬᠦ ᠵᠢᠯ ᠪᠣᠯᠣᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠢᠨ ︽ᠪᠠᠭ᠎ᠠ ᠥᠨᠴᠥᠭ ᠪᠤᠯᠤᠩ︾ ᠤᠨ ︽ᠶᠡᠭᠡ ᠠᠷᠠᠳ ᠤᠨ ᠠᠮᠢᠳᠤᠷᠠᠯ︾ ᠳᠤ ᠠᠩᠬᠠᠷᠤᠯ ᠢᠶᠠᠨ ᠬᠠᠨᠳᠤᠭᠤᠯᠤᠨ ᠬᠦᠴᠦ ᠪᠠᠨ ᠲᠥᠪᠯᠡᠷᠡᠭᠦᠯᠵᠦ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠢ ᠶᠡᠬᠡᠪᠡᠷ ᠠᠬᠢᠭᠤᠯᠤᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠭᠤᠷᠪᠠᠨ ᠵᠢᠯ ᠤᠨ ᠠᠵᠢᠯᠯᠠᠭᠠᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠳᠡᠮᠵᠢᠪᠡ᠃      2019—2020 ᠣᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠱᠠᠲᠤᠨ ᠤ ︽ᠵᠣᠷᠯᠣᠩ ᠤᠨ ᠬᠤᠪᠢᠰᠬᠠᠯ︾ ᠤᠨ ᠪᠡᠯᠡ ᠮᠥᠩᠭᠦ 12903 ᠲᠦᠮᠡᠨ ᠲᠥᠭᠦᠷᠢᠭ ᠪᠠᠭᠤᠯᠭᠠᠵᠤ᠂ ᠡᠭᠦᠨ ᠳᠤ᠂ ᠳᠡᠭᠡᠳᠦ ᠱᠠᠲᠤᠨ ᠤ ᠪᠡᠯᠡ ᠮᠥᠩᠭᠦ 4303 ᠲᠦᠮᠡᠨ ᠲᠥᠭᠦᠷᠢᠭ᠂ ᠬᠤᠲᠠ ᠶᠢᠨ ᠲᠤᠰ ᠱᠠᠲᠤᠨ ᠤ ᠪᠡᠯᠡ ᠮᠥᠩᠭᠦ 8600 ᠲᠦᠮᠡᠨ ᠲᠥᠭᠦᠷᠢᠭ ᠢ ᠪᠠᠭᠤᠯᠭᠠᠨ᠂ ᠤᠰᠤ ᠠᠷᠪᠢᠯᠠᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠭᠡᠷ ᠤᠨ ᠵᠣᠷᠯᠣᠩ ᠢ ᠴᠡᠪᠡᠷ ᠪᠣᠯᠭᠠᠨ ᠬᠤᠣᠷ ᠦᠭᠡᠶᠢᠳᠡᠭᠦᠯᠦᠨ ᠥᠭᠡᠷᠡᠴᠢᠯᠡᠬᠦ ᠶᠢ ᠲᠥᠷᠥᠯ ᠬᠤᠪᠢᠶᠠᠨ ᠠᠬᠢᠭᠤᠯᠪᠠ᠃ ᠡᠭᠦᠨ ᠤ ᠬᠠᠮᠲᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 1400 ᠲᠦᠮᠡᠨ ᠲᠥᠭᠦᠷᠢᠭ ᠭᠠᠷᠭᠠᠨ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠮᠥᠷᠡᠨ᠂ ᠭᠤᠣᠯ ᠤᠨ ᠳᠠᠯᠠᠩ᠂ ᠤᠰᠤᠨ ᠰᠤᠪᠠᠭ᠂ ᠤᠰᠤ ᠵᠠᠯᠠᠬᠤ ᠭᠤᠤ ᠵᠡᠷᠭᠡ ᠳᠤ ᠭᠤᠣᠯᠳᠠᠯᠭ᠎ᠠ ᠲᠠᠢ ᠪᠠᠷ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢᠨ ᠤᠰᠤᠨ ᠤ ᠪᠣᠬᠢᠷᠲᠤᠯ ᠢ ᠵᠠᠰᠠᠪᠠ᠃ ᠮᠠᠨ ᠤ ᠬᠤᠲᠠ ᠶᠢᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ︽ᠵᠣᠷᠯᠣᠩ ᠤᠨ ᠬᠤᠪᠢᠰᠬᠠᠯ︾ ᠢ ᠬᠦᠴᠦᠯᠡᠨ ᠠᠬᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠳᠲᠡᠷ ᠲᠦᠷᠭᠡᠨ ᠬᠥᠳᠡᠯᠦᠯᠴᠡᠵᠦ᠂ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠨᠠᠶᠢᠳᠠᠪᠤᠷᠢᠵᠢᠭᠤᠯᠵᠤ᠂ ᠪᠡᠯᠡ ᠮᠥᠩᠭᠦ ᠴᠤᠭᠯᠠᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠳᠬᠠᠨ᠂ ᠰᠠᠩ ᠬᠦ᠋ᠦ ᠶᠢᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠪᠡ᠃ ︽ᠵᠣᠷᠯᠣᠩ ᠤᠨ ᠬᠤᠪᠢᠰᠬᠠᠯ︾ ᠤᠨ ᠠᠵᠢᠯ ᠢ ᠤᠷᠢᠳᠠᠪᠠᠷ ᠪᠠᠲᠤᠯᠠᠬᠤ ᠪᠠᠶᠢᠷᠢᠨ ᠳᠤ ᠲᠠᠯᠪᠢᠬᠤ ᠤᠴᠢᠷ ᠲᠤ᠂ 8600 ᠲᠦᠮᠡᠨ ᠲᠥᠭᠦᠷᠢᠭ ᠤᠨ ᠬᠤᠲᠠ ᠶᠢᠨ ᠱᠠᠲᠤᠨ ᠤ ︽ᠵᠣᠷᠯᠣᠩ ᠤᠨ ᠬᠤᠪᠢᠰᠬᠠᠯ︾ ᠤᠨ ᠪᠡᠯᠡ ᠮᠥᠩᠭᠦ ᠶᠢ ᠪᠦᠬᠦᠨ ᠢ ᠰᠠᠩ ᠬᠦ᠋ᠦ ᠠᠴᠠ ᠲᠤᠰᠬᠠᠢ ᠲᠥᠷᠥᠯ ᠢᠶᠠᠷ ᠭᠠᠷᠭᠠᠬᠤ ᠮᠠᠶ᠋ᠢᠭ ᠢᠶᠠᠷ ᠪᠠᠭᠤᠯᠭᠠᠪᠠ᠃ ᠣᠳᠣᠬᠠᠨ ᠪᠣᠯᠬᠤ ᠳᠤ᠂ ᠲᠥᠷᠥᠯ ᠵᠦᠢᠯ ᠤᠨ ᠪᠡᠯᠡ ᠮᠥᠩᠭᠦ ᠶᠢ ᠨᠢᠭᠡᠨᠲᠡ ᠦᠨᠳᠦᠰᠦᠨ ᠱᠠᠲᠤᠨ ᠳᠤ ᠰᠢᠭᠤᠳ ᠪᠠᠭᠤᠯᠭᠠᠨ᠂ ᠣᠷᠣᠨ ᠪᠠᠶᠢᠷᠢ ᠳᠤᠨᠢ ᠤᠷᠤᠭᠰᠢᠲᠠᠢ ᠬᠦᠷᠭᠡᠭᠰᠡᠨ ᠤ ᠬᠠᠮᠲᠤ᠂ ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠱᠠᠯᠠᠪᠳᠠᠭᠤᠯᠤᠨ ᠳᠡᠭᠡᠳᠦ ᠱᠠᠲᠤᠨ ᠤ ᠪᠡᠯᠡ ᠮᠥᠩᠭᠦ ᠶᠢᠨ ᠲᠥᠰᠥᠪ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠪᠡ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠢᠨ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠴᠤᠭᠯᠠᠭᠤᠯᠬᠤ᠂ ᠪᠡᠯᠡ ᠮᠥᠩᠭᠦ ᠶᠢᠨ ᠠᠰᠢᠭᠯᠠᠮᠵᠢ ᠳᠤ ᠬᠠᠮᠢᠶᠠᠷᠤᠯᠲᠠ ᠬᠢᠬᠦ ᠵᠡᠷᠭᠡ ᠠᠵᠢᠯ ᠢ ᠰᠠᠶᠢᠲᠤᠷ ᠬᠢᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠤᠨ ᠬᠦᠴᠢᠷᠳᠡᠯᠲᠡᠢ᠂ ᠵᠣᠪᠠᠭᠤᠷᠢ ᠲᠠᠢ᠂ ᠲᠦᠭᠵᠢᠷᠡᠯ ᠲᠠᠢ ᠤᠴᠢᠷ ᠤᠳ ᠢ ᠦᠨᠡᠨᠬᠦ ᠰᠠᠶᠢᠨ ᠰᠢᠢᠳᠪᠦᠷᠢᠯᠡᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠡᠨᠡᠬᠦ ᠬᠠᠲᠠᠭᠤᠵᠢᠯᠲᠠᠢ ᠳᠠᠶᠢᠯᠠᠯᠳᠤᠭᠠᠨ ᠳᠤ ᠡᠴᠦᠰ ᠤᠨ ᠢᠯᠠᠯᠲᠠ ᠶᠢ ᠣᠯᠬᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号