ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020/10/27
    ᠰᠢᠨᠬᠤᠸᠠ ᠰᠦᠯᠵᠢᠶᠡᠨ ᠤ ᠬᠥᠬᠡᠬᠤᠲᠠ ᠶᠢᠨ 10 ᠰᠠᠷ᠎ᠠ ᠶᠢᠨ 24 ᠤ ᠡᠳᠦᠷ ᠤᠨ ᠮᠡᠳᠡᠭᠡ ︵ᠬᠤᠤ ᠹᠠᠩ ᠹᠠᠩ︶ 23 ᠤ ᠡᠳᠦᠷ᠂ ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠪᠣᠯᠤᠨ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠮᠲᠤᠷᠠᠨ ᠥᠷᠨᠢᠭᠦᠯᠦᠭᠰᠡᠨ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ᠂ ᠠᠵᠤ ᠠᠬᠤᠶᠢᠯᠠᠯ ᠤᠨ ᠬᠥᠭᠵᠢᠯᠲᠡ ᠳᠤ ᠣᠶᠢᠯᠡᠴᠢᠯᠡᠬᠦ᠂ ᠲᠠᠷᠢᠶᠠᠴᠢᠳ ᠤᠨ ᠣᠷᠣᠯᠭ᠎ᠠ ᠶᠢ  ᠨᠡᠮᠡᠭᠳᠡᠬᠦᠯᠬᠦ ︾ ᠶᠢ ᠳᠡᠮᠵᠢᠬᠦ ᠬᠤᠷᠠᠯ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠡᠭᠡᠯᠢ ᠭᠤᠳᠤᠮᠵᠢ ᠶᠢᠨ ᠪᠠ ᠪᠠᠶ ᠲᠣᠰᠬᠤᠨ ᠤ ᠠᠬᠤᠢ ᠲᠠᠯᠠᠪᠠᠶ ᠳᠤ ᠶᠠᠪᠤᠭᠳᠠᠵᠠᠶ᠃    ᠴᠡᠯᠡᠭᠡᠷ ᠲᠠᠯ᠎ᠠ ᠵᠡᠭᠡᠯᠢ ᠪᠣᠯ ᠬᠥᠬᠡᠬᠤᠲᠠ ᠶᠢᠨ ᠪᠠᠶᠢᠴᠠᠭᠠᠬᠤ ᠬᠤᠷᠢᠶᠠᠨ ᠤ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠪᠣᠯᠤᠨ᠎ᠠ᠃ ᠡᠨᠡ ᠵᠢᠯ᠂ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠳᠤ ᠴᠢᠨᠠᠷ ᠰᠠᠶᠢᠲᠠᠶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠵᠤᠤ ᠳᠠᠷᠢᠬᠤ ᠲᠥᠷᠥᠯ ᠵᠣᠶᠢᠯ ᠢ ᠣᠷᠣᠭᠤᠯᠤᠨ ᠠᠪᠴᠢᠷᠠᠵᠤ᠂ ᠪᠠᠶᠢᠪᠠᠢ ᠲᠣᠰᠬᠤᠨ ᠳᠤ ᠲᠤᠷᠰᠢᠨ ᠲᠠᠷᠢᠪᠠ᠃ 5 ᠰᠠᠷ᠎ᠠ ᠳᠤ ᠲᠤᠷᠰᠢᠨ ᠲᠠᠷᠢᠭᠰᠠᠨ ᠠᠴᠠ ᠨᠠᠰᠢ᠂ ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠲᠥᠷᠥᠯ ᠵᠣᠶᠢᠯ ᠢ ᠬᠡᠷᠡᠭᠵᠢᠭᠦᠯᠬᠦ ᠳᠤ ᠲᠥᠷᠥ ᠶᠢᠨ ᠪᠣᠳᠣᠯᠭ᠎ᠠ᠂ ᠮᠡᠷᠭᠡᠵᠢᠯ᠂ ᠲᠥᠬᠦᠭᠡᠷᠦᠮᠵᠢ ᠶᠢᠨ ᠳᠡᠮᠵᠢᠯᠭᠡ ᠬᠠᠩᠭᠠᠵᠤ᠂ 1300 ᠮᠦ ᠴᠢᠨᠵᠤᠤ ᠶᠢᠨ ᠮᠦ ᠪᠦᠷᠢ ᠶᠢᠨ ᠳᠤᠮᠳᠠᠴᠢ ᠤᠨᠠᠯᠲᠠ 800 ᠵᠢᠩ ᠠᠴᠠ ᠳᠡᠭᠡᠭᠰᠢ ᠳᠤ ᠬᠦᠷᠴᠡᠶ᠃ ᠲᠠᠷᠢᠶᠠᠴᠢᠳ ᠤᠨ ᠮᠦ ᠪᠦᠷᠢ ᠶᠢᠨ ᠳᠤᠮᠳᠠᠴᠢ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 200% ᠨᠡᠮᠡᠭᠳᠡᠵᠦ᠂ ᠭᠠᠴᠠᠭᠠᠨ ᠤ ᠬᠠᠮᠲᠤ ᠶᠢᠨ ᠣᠷᠣᠯᠭ᠎ᠠ 13 ᠲᠦᠮᠡᠨ ᠲᠥᠭᠦᠷᠢᠭ ᠨᠡᠮᠡᠭᠳᠡᠵᠦ᠂ ᠭᠠᠵᠠᠷ ᠰᠢᠷᠣᠢ ᠶᠢᠨ ᠶᠡᠷᠦᠩᠬᠡᠢ ᠠᠰᠢᠭ ᠣᠷᠣᠯᠭ᠎ᠠ 10 ᠲᠠᠬᠢᠨ ᠠᠴᠠ ᠳᠡᠭᠡᠭᠰᠢ ᠨᠡᠮᠡᠭᠳᠡᠪᠡ᠃     ᠠᠬᠤᠶ ᠲᠠᠯᠠᠪᠠᠢ ᠳᠤ ᠬᠤᠷᠠᠯ ᠳᠤ ᠣᠷᠣᠯᠴᠠᠭᠰᠠᠳ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠭᠠᠵᠠᠷ ᠰᠢᠷᠣᠶ ᠶᠢᠨ ᠶᠡᠷᠣᠩᠬᠡᠶᠢᠯᠡᠭᠰᠡᠨ ᠠᠰᠢᠭ ᠣᠷᠣᠯᠭ᠎ᠠ᠂ ᠲᠠᠷᠢᠶᠠᠴᠢᠳ ᠤᠨ  ᠣᠶᠢᠯᠡᠳᠪᠣᠷᠢᠯᠡᠯ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠬᠠᠶ ᠶᠢᠨ ᠲᠠᠯᠠᠪᠠᠶ ᠳᠤ ᠨᠢᠰᠬᠡᠯ ᠢᠶᠠᠷ ᠬᠤᠷᠢᠶᠠᠯᠲᠠ ᠶᠢᠨ ᠠᠵᠢᠯ ᠢ ᠦᠵᠡᠵᠡᠶ᠃ ᠪᠠᠰᠠ ᠣᠶᠢᠯᠡᠳᠬᠦᠨ ᠢ  ᠣᠶᠢᠯᠡᠳᠪᠣᠷᠢᠯᠡᠵᠣ ᠡᠳ᠋ᠰᠢᠭᠦᠯᠦᠨ ᠪᠣᠷᠣᠯᠠᠭᠤᠯᠬᠤ᠂ ᠬᠡᠪᠴᠢᠶᠡᠵᠢᠭᠦᠯᠦᠨ ᠡᠷᠴᠢᠮᠵᠢᠭᠦᠯᠬᠦ᠂ ᠲᠠᠷᠢᠬᠤ᠂ ᠲᠣᠭᠤᠷᠢᠨ ᠦᠵᠡᠬᠦ ᠵᠤᠭᠠᠴᠠᠯ ᠤᠨ ᠵᠣᠶᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃ ᠣᠶᠢᠷ᠎ᠠ ᠶᠢᠨ ᠬᠤᠭᠤᠴᠠᠭᠠᠨ ᠳᠤ᠂ ᠴᠡᠯᠡᠭᠡᠷ ᠲᠠᠯ᠎ᠠ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ 19 ᠠᠶᠢᠯ ᠲᠣᠰᠬᠤᠨ ᠳᠤ ᠲᠦᠪᠯᠡᠷᠡᠩᠬᠦᠢ ᠪᠠᠶᠢᠴᠠᠭᠠᠨ ᠰᠤᠳᠤᠯᠤᠯᠲᠠ ᠥᠷᠨᠢᠭᠦᠯᠵᠦ᠂ ᠲᠠᠷᠢᠬᠤ ᠨᠥᠬᠦᠴᠡᠯ ᠳᠤ ᠨᠡᠶᠢᠴᠡᠭᠰᠡᠨ ᠲᠣᠰᠬᠤᠨ ᠤ ᠭᠠᠵᠠᠷ ᠰᠢᠷᠣᠶ ᠳᠤ ᠶᠡᠷᠦᠩᠬᠡᠶᠢᠯᠡᠭᠰᠡᠨ ᠰᠠᠶᠢᠵᠢᠷᠠᠭᠤᠯᠤᠯᠲᠠ ᠬᠢᠵᠤ᠂ ᠴᠢᠨᠵᠤᠤ ᠲᠠᠷᠢᠬᠤ ᠬᠡᠪᠴᠢᠶ᠎ᠡ ᠶᠢ ᠲᠦᠮᠡᠨ ᠮᠦ ᠠᠴᠠ ᠳᠡᠭᠡᠭᠰᠢ ᠪᠣᠯᠭᠠᠬᠤ ᠪᠠᠷ ᠴᠢᠷᠮᠠᠶᠢᠵᠦ ᠪᠠᠶᠢᠨ᠎ᠠ  ᠃    ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠹᠦ᠋ ᠶᠢᠨ ᠬᠡᠯᠡᠭᠰᠡᠨ ᠨᠢ᠂ ᠰᠠᠶᠢᠬᠠᠨ ᠲᠣᠭᠤᠷᠢᠭ ᠪᠣᠯ ᠬᠥᠬᠡᠬᠤᠲᠠ ᠶᠢᠨ ᠢᠳᠡᠰᠢᠨ ᠨᠣᠭᠤᠭ᠎ᠠ ᠶᠢᠨ ᠴᠢᠬᠤᠯᠠ ᠰᠠᠭᠤᠷᠢᠨ ᠭᠠᠵᠠᠷ ᠪᠣᠯᠤᠨ᠎ᠠ᠃ ᠡᠨᠡ ᠤᠳᠠᠭ᠎ᠠ ᠲᠣᠰᠬᠤᠨ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠰᠠᠶᠢᠬᠠᠨ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰᠵᠢᠭᠰᠡᠨ ᠡᠵᠡᠩᠨᠡᠯᠲᠡ ᠶᠢ ᠬᠦᠴᠦᠲᠡᠶ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠰᠢᠯᠢᠳᠡᠭᠵᠢᠵᠦ᠂ ᠲᠠᠷᠢᠶᠠᠴᠢᠳ ᠤᠨ ᠣᠷᠣᠯᠭ᠎ᠠ ᠶᠢ ᠦᠨᠡᠨ ᠬᠦ ᠳᠡᠭᠡᠭᠰᠢᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠣᠵᠠᠭᠠᠶᠢᠷᠠᠭᠤᠯᠬᠤ ᠶᠢᠨ ᠬᠠᠮᠲᠤ᠂ ᠪᠠᠰᠠ ᠡᠰᠢ ᠰᠦᠷᠡᠯ ᠰᠢᠲᠠᠭᠠᠭᠰᠠᠨ ᠠᠴᠠ ᠪᠣᠯᠤᠭᠰᠠᠨ ᠠᠮᠤᠷ ᠲᠦᠪᠰᠢᠨ ᠤ ᠳᠠᠯᠳᠠ ᠭᠡᠮ ᠵᠢᠴᠢ ᠠᠭᠠᠷ ᠮᠠᠨᠳᠠᠯ ᠤᠨ ᠪᠣᠬᠢᠷᠲᠤᠯ ᠵᠡᠷᠭᠡ ᠰᠢᠷᠢᠰ ᠠᠰᠠᠭᠤᠳᠠᠯ ᠢ ᠦᠨᠳᠦᠰᠦᠨ ᠠᠴᠠ ᠨᠢ ᠰᠢᠢᠳᠪᠣᠷᠢᠯᠡᠪᠡ  ᠭᠡᠵᠡᠢ᠃    ᠬᠥᠬᠡᠬᠤᠲᠠ ᠶᠢᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠵᠠᠩ ᠵᠥᠩ ᠮᠢᠩ ᠢᠯᠡᠷᠬᠡᠶᠢᠯᠡᠬᠦ ᠳᠡᠭᠡᠨ᠂ ᠴᠢᠨᠠᠷ ᠰᠠᠶᠢᠲᠠᠶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠣᠰᠬᠤᠨ ᠤ ᠬᠠᠮᠲᠤ ᠨᠡᠶᠢᠲᠡ ᠳᠤ ᠣᠷᠣᠭᠤᠯᠵᠤ᠂ ᠠᠵᠤ ᠠᠬᠤᠶᠢᠯᠠᠯ + ᠲᠠᠷᠢᠶᠠᠯᠠᠩ ᠤᠨ ᠬᠡᠪ ᠵᠠᠭᠪᠤᠷ ᠢ ᠠᠪᠴᠤ ᠬᠤᠶᠠᠷ ᠲᠠᠯ᠎ᠠ ᠪᠠᠷ ᠢᠶᠠᠨ ᠠᠰᠢᠭ ᠬᠦᠷᠲᠡᠵᠦ᠂ ᠣᠯᠠᠨ ᠢᠶᠠᠷ ᠢᠶᠠᠨ ᠠᠰᠢᠭ ᠬᠦᠷᠲᠡᠬᠦ ᠶᠢ ᠪᠡᠶᠡᠯᠡᠭᠦᠯᠬᠦ ᠪᠣᠯ ᠪᠠᠶᠢᠴᠠᠭᠠᠬᠤ ᠬᠤᠷᠢᠶᠠᠨ ᠤ ᠬᠥᠮᠦᠨ ᠪᠦᠬᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠡᠭᠦᠨ ᠤ ᠬᠠᠮᠲᠤ ᠪᠠᠰᠠ ᠪᠥᠬᠦ ᠬᠤᠲᠠ ᠶᠢᠨ ᠲᠠᠷᠢᠶᠠᠯᠠᠩ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠳᠤ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ ︽ᠥᠯᠢᠭᠡᠷ ᠳᠠᠭᠤᠷᠢᠶᠠᠯ ᠲᠠᠷᠢᠶ᠎ᠠ︾ ᠬᠠᠩᠭᠠᠵᠠᠶ᠃ ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠠᠵᠤ ᠠᠬᠤᠶᠢᠯᠠᠯ᠂ ᠲᠣᠰᠬᠤᠨ ᠤ ᠬᠠᠮᠲᠤ ᠶᠢᠨ ᠳᠡᠮᠵᠢᠯᠭᠡ᠂ ᠲᠡᠳᠬᠦᠨ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠵᠠᠷ ᠰᠢᠷᠣᠶ ᠶᠢ ᠬᠡᠪᠴᠢᠶᠡᠵᠢᠭᠦᠯᠦᠨ ᠡᠵᠡᠩᠨᠡᠬᠦ ᠶᠢ ᠪᠡᠶᠡᠯᠡᠭᠦᠯᠵᠦ᠂ ᠠᠷᠠᠳ ᠣᠯᠠᠨ ᠳᠤ ᠠᠰᠢᠭ ᠬᠦᠷᠲᠡᠭᠡᠵᠦ᠂ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ ᠠᠵᠤ ᠠᠬᠤᠶᠢᠯᠠᠯᠲᠠᠳ ᠦᠷ᠎ᠡ ᠪᠦᠲᠦᠮᠵᠢ ᠣᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠲᠥᠪ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠤᠨ᠎ᠠ ᠭᠡᠵᠡᠢ᠃                                http://mongol.people.com.cn/15827743.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号