ᠦᠪᠣᠷ ᠮᠣᠩᠭᠤᠯ ᠤᠨ ᠡᠳᠦᠷ ᠤᠨ ᠰᠣᠨᠢᠨ ᠤ ᠬᠥᠬᠡᠬᠤᠲᠠ ᠶᠢᠨ 10 ᠰᠠᠷ᠎ᠠ ᠶᠢᠨ 25 ᠤ ᠡᠳᠦᠷ ᠤᠨ | ᠮᠡᠳᠡᠭᠡ ︵ᠰᠤᠷᠪᠤᠯᠵᠢᠯᠠᠭᠴᠢ ᠯᠢᠦ ᠶᠠᠩ︶ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠬᠥᠬᠡᠬᠤᠲᠠ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠴᠢᠷᠮᠠᠶᠢᠨ ᠬᠡᠷᠡᠭᠵᠢᠭᠦᠯᠵᠦ᠂ | ︽ᠲᠠᠷᠢᠶᠠᠯᠠᠩ ᠨᠡᠷᠡᠮᠵᠢᠲᠦ︾ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ | ᠲᠡᠭᠡᠭᠰᠢᠯᠡᠬᠦᠯᠵᠥ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠴᠢᠳ ᠤᠨ ᠢᠲᠡᠭᠡᠯ ᠪᠠ ᠲᠠᠭᠠᠰᠢᠶᠠᠯ ᠢ | ᠣᠯᠤᠭᠰᠠᠨ ᠨᠢᠭᠡ ᠪᠦᠯᠦᠭ ᠨᠠᠷᠠᠲᠤ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠪᠣᠢ ᠪᠣᠯᠭᠠᠪᠠ ᠃ | ᠨᠠᠷᠠᠲᠤ ᠲᠡᠮᠳᠡᠭ ᠢ ᠪᠣᠢ ᠪᠣᠯᠭᠠᠬᠤ ᠪᠣᠯ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ | ᠴᠢᠬᠤᠯᠠ ᠪᠡᠯᠭᠡ ᠲᠡᠮᠳᠡᠭ ᠪᠣᠯᠬᠤ ᠪᠥᠭᠡᠳ ᠲᠠᠷᠢᠶᠠᠯᠠᠩ ᠮᠠᠯ ᠠᠵᠤ ᠠᠬᠤᠢ ᠶᠢᠨ ᠣᠶᠢᠯᠡᠳᠪᠣᠷᠢᠯᠡᠯ ᠢ | ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠶᠢ ᠲᠦᠯᠬᠢᠨ ᠠᠬᠢᠭᠤᠯᠬᠤ ᠬᠦᠴᠦᠲᠡᠶ ᠭᠠᠷᠳᠠᠴᠠ | ᠪᠣᠯᠤᠨ᠎ᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠠᠴᠠ ᠨᠠᠰᠢ᠂ ︽ᠳᠤᠮᠳᠠᠳᠤ ᠤᠯᠤᠰ ᠤᠨ | ᠴᠠᠭᠠᠨ ᠢᠳᠡᠭᠡᠨ ᠤ ᠬᠤᠲᠠ︾ ᠨᠢ ᠬᠥᠬᠡᠬᠤᠲᠠ ᠶᠢᠨ ᠬᠠᠮᠤᠭ ᠤᠨ ᠰᠠᠶᠢᠬᠠᠨ ᠬᠤᠲᠠ ᠶᠢᠨ ᠨᠡᠷ᠎ᠡ ᠶᠢᠨ ᠬᠠᠭᠤᠳᠠᠰᠤ | ᠪᠣᠯᠪᠠ︔ ︽ᠴᠡᠯᠡᠭᠡᠷ ᠲᠠᠯ᠎ᠠ ᠶᠢᠨ ᠦᠨᠦᠷ ᠠᠮᠲᠠ︾᠂ ︽ᠰᠤᠯᠤᠩᠭᠠᠨ ᠲᠦᠮᠡᠳ︾ ᠵᠡᠷᠭᠡ ᠨᠢᠭᠡ ᠪᠦᠯᠦᠭ ᠲᠤᠰ | ᠲᠤᠰ ᠤᠨ ᠣᠨᠴᠠᠯᠢᠭ ᠲᠠᠢ ᠣᠷᠣᠨ ᠪᠦᠰᠡ ᠶᠢᠨ ᠤᠯᠠᠨ ᠨᠡᠶᠢᠲᠡ ᠶᠢᠨ ᠨᠠᠷᠠᠲᠤ ᠲᠡᠮᠳᠡᠭ ᠢ ᠤᠳᠤ ᠶᠠᠭ ᠪᠠᠶᠢᠭᠤᠯᠵᠤ | ᠪᠤᠢ︔ ︽ᠢᠯᠢ︾᠂ ︽ᠮᠧᠩ ᠨᠢᠤ︾ ᠪᠠᠷ ᠲᠥᠯᠥᠭᠡᠯᠡᠭᠦᠯᠦᠭᠰᠡᠨ ᠠᠵᠤ ᠠᠬᠤᠶᠢᠯᠠᠯ ᠤᠨ ᠨᠠᠷᠠᠲᠤ ᠲᠡᠮᠳᠡᠭ ᠨᠢ | ᠪᠥᠬᠦ ᠤᠯᠤᠰ ᠴᠢᠨᠠᠭᠰᠢᠯᠠᠪᠠᠯ ᠳᠡᠯᠡᠬᠡᠶ ᠳ᠋ᠠᠬᠢᠨ ᠳᠤ ᠠᠯᠳᠠᠷᠰᠢᠵᠠᠶ᠃ | ᠡᠭᠦᠨ ᠤ ᠬᠠᠮᠲᠤ᠂ ᠣᠨᠴᠠᠯᠢᠭᠲᠤ ᠭᠤᠣᠯᠯᠠᠬᠤ ᠠᠵᠤ ᠦᠢᠯᠡᠰ ᠲᠤ ᠲᠦᠰᠢᠭᠯᠡᠨ᠂ ᠬᠥᠬᠡᠬᠤᠲᠠ ︽ᠨᠢᠭᠡ | ᠲᠣᠰᠬᠤᠨ ᠨᠢᠭᠡ ᠨᠠᠷᠠᠲᠤ ᠲᠡᠮᠳᠡᠭ︾ ᠤᠨ ᠵᠢᠱᠢᠶ᠎ᠡ ᠦᠵᠡᠭᠦᠯᠬᠦ ᠪᠠᠯᠭᠠᠰᠤ 3᠂ ︽ᠨᠢᠭᠡ ᠲᠣᠰᠬᠤᠨ ᠨᠢᠭᠡ ᠨᠠᠷᠠᠲᠤ | ᠲᠡᠮᠳᠡᠭ︾ ᠤᠨ ᠲᠤᠰᠬᠠᠶ ᠠᠵᠢᠯ ᠤᠨ ᠲᠣᠰᠬᠤᠨ 54 ᠶᠢ ᠠᠩᠬ᠎ᠠ ᠠᠯᠬᠤᠮ ᠪᠠᠶᠢᠭᠤᠯᠵᠤ᠂ ᠬᠥᠬᠡᠬᠤᠲᠠ ᠶᠢᠨ ᠡᠯ᠎ᠡ | ᠭᠠᠵᠠᠷ ᠤᠨ ᠬᠢᠨ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠵᠦ᠂ ᠴᠢᠩ ᠱᠦᠶ ᠾᠧ | ᠭᠤᠤᠯ ᠤᠨ ᠯᠣᠤ ᠨᠢᠤ ᠸᠠᠨ ᠲᠣᠰᠬᠤᠨ᠂ ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ᠂ ᠬᠤᠷᠢᠨᠬᠡᠷ | ᠰᠢᠶᠠᠨ ᠤ ᠭᠧ ᠳ᠋ᠧᠦ ᠲᠣᠰᠬᠤᠨ ᠵᠡᠷᠭᠡ 3 ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠠᠶᠢᠭᠤᠯᠪᠠ᠃ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠢ ᠨᠡᠮᠡᠭᠳᠡᠬᠦᠯᠵᠥ᠂ ᠪᠤᠵᠠᠷᠳᠤᠯ ᠦᠭᠡᠢ᠂ ᠣᠷᠭᠠᠨᠢᠭ ᠭᠡᠷᠡᠴᠢᠯᠡᠯ ᠤᠨ ᠪᠦᠲᠦᠭᠡᠭᠳᠡᠬᠦᠨ ᠤ ᠭᠡᠷᠡᠴᠢᠯᠡᠯ | 92 ᠪᠠᠶᠢᠵᠤ᠂ ᠭᠠᠵᠠᠷ ᠵᠦᠢ ᠶᠢᠨ ᠢᠮ ᠲᠡᠮᠳᠡᠭᠳᠤ ᠪᠦᠲᠦᠭᠡᠭᠳᠡᠬᠦᠨ ᠤ ᠭᠡᠷᠡᠴᠢᠯᠡᠯ 3 ᠪᠠᠶᠢᠵᠤ᠂ 10 | ᠪᠦᠲᠦᠭᠡᠭᠳᠡᠬᠦᠨ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ | ᠨᠡᠷᠡᠰ ᠤᠨ ᠵᠢᠭᠰᠠᠭᠠᠯᠲᠠ ᠳᠤ ᠣᠷᠣᠪᠠ᠃ | ᠡᠭᠦᠨ ᠠᠴᠠ ᠭᠠᠳᠠᠨ᠎ᠠ᠂ ᠬᠤᠷᠢᠨᠬᠡᠷ ᠰᠢᠶᠠᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ | ᠲᠠᠷᠢᠶᠠᠯᠠᠩ ᠤᠨ ᠠᠵᠤ ᠣᠶᠢᠯᠡᠰ ᠤᠨ ᠬᠦᠷᠢᠶᠡᠯᠡᠩ ᠳᠤ ᠵᠢᠭᠰᠠᠭᠠᠭᠳᠠᠵᠤ᠂ ᠦᠴᠤᠸᠠᠨ ᠰᠢᠶᠠᠨ ᠲᠥᠮᠥᠰᠥ᠂ | ᠢᠳᠡᠰᠢᠨ ᠬᠤᠨᠢ᠂ ᠨᠣᠬᠠᠶ ᠶᠢᠨ ᠬᠤᠰᠢᠭᠤ᠂ ᠢᠳᠡᠰᠢᠨ ᠮᠥᠭᠦ ᠪᠠᠷ ᠭᠤᠤᠯ ᠪᠣᠯᠭᠠᠭᠰᠠᠨ ᠠᠵᠤ ᠣᠶᠢᠯᠡᠰ ᠤᠨ | ᠬᠡᠯᠬᠢᠶ᠎ᠡ ᠶᠢ ᠪᠦᠷᠢᠯᠳᠦᠭᠦᠯᠵᠡᠶ᠃ ᠣᠳᠣᠬᠠᠨ ᠳᠤ᠂ ᠬᠥᠬᠡᠬᠤᠲᠠ ᠳᠤ ᠰᠡᠯᠡᠭᠦᠴᠡᠯ ᠤᠨ ᠲᠠᠷᠢᠶᠠᠯᠠᠩ ᠤᠨ | ᠬᠥᠭᠵᠢᠯᠲᠡ ᠶᠢᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠴᠡᠭ 1᠂ ᠥᠪᠡᠷᠲᠡᠭᠡᠨ ᠵᠠᠰᠠᠬᠤ ᠣᠷᠣᠨ ᠤ ᠲᠠᠰ ᠤᠨ | ᠵᠢᠱᠢᠶ᠎ᠡ ᠦᠵᠡᠭᠦᠯᠬᠦ ᠰᠢᠶᠠᠨ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠡᠭ 13᠂ | ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ 3 ᠪᠣᠶ᠃ ᠲᠣᠭᠳᠠᠬᠤ ᠰᠢᠶᠠᠨ ᠤ ᠾᠧ | ᠺᠧᠦ ᠶᠢᠨ ᠡᠷᠲᠡᠨ ᠤ ᠪᠠᠯᠭᠠᠰᠤ᠂ ᠴᠢᠩ ᠱᠦᠶ ᠾᠧ ᠰᠢᠶᠠᠨ ᠤ ᠬᠤᠩ ᠾᠧ ᠪᠠᠯᠭᠠᠰᠤᠨ ᠤ ᠤᠶᠤᠨᠲᠤ | ᠲᠠᠷᠢᠶᠠᠯᠠᠩ ᠤᠨ ᠬᠦᠷᠢᠶᠡᠯᠡᠩ᠂ ᠾᠧ ᠯᠢᠨ ᠰᠢᠶᠠᠨ ᠤ ᠪᠣᠭᠤᠮᠲᠠ ᠶᠢᠨ ᠭᠠᠳᠠᠨᠠᠬᠢ ᠲᠤᠭᠤᠷ ᠤᠨ ᠬᠦᠷᠢᠶᠡᠯᠡᠩ ᠵᠡᠷᠭᠡ | ᠲᠠᠷᠢᠶᠠᠯᠠᠩ ᠤᠨ ᠶᠡᠷᠦᠩᠬᠡᠶ ᠴᠣᠭᠴᠠ ᠠᠩᠬ᠎ᠠ ᠠᠯᠬᠤᠮ ᠬᠡᠪᠴᠢᠶᠡᠵᠢᠪᠡ᠃ ᠦᠴᠤᠸᠠᠨ ᠰᠢᠶᠠᠨ ᠤ ᠲᠥᠮᠥᠰᠥ | ᠲᠠᠷᠢᠬᠤ᠂ ᠲᠣᠭᠲᠠᠬᠤ ᠰᠢᠶᠠᠨ ᠤ ᠰᠡᠯᠡᠭᠦᠴᠡᠯ ᠤᠨ ᠲᠠᠷᠢᠶᠠᠯᠠᠩ ᠤᠨ ᠬᠦᠷᠢᠶᠡᠯᠡᠩ᠂ ᠰᠠᠶᠢᠬᠠᠨ ᠲᠣᠭᠤᠷᠢᠭ ᠤᠨ | ᠲᠥᠬᠦᠭᠡᠷᠦᠮᠵᠢᠲᠦ ᠲᠠᠷᠢᠶᠠᠯᠠᠩ᠂ ᠬᠤᠷᠢᠨᠬᠡᠷ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ | ᠪᠣᠯᠪᠠᠰᠤᠷᠠᠭᠤᠯᠬᠤ ᠠᠵᠦ ᠣᠶᠢᠯᠡᠰ ᠵᠡᠷᠭᠡ ᠭᠠᠵᠠᠷ ᠣᠷᠣᠨ ᠤ ᠳᠠᠪᠠᠭᠤᠯᠢᠭ ᠣᠨᠴᠠᠯᠢᠭᠲᠤ ᠠᠵᠤ ᠣᠶᠢᠯᠡᠰ ᠢ | ᠠᠯᠬᠤᠮ ᠠᠯᠬᠤᠮ ᠢᠶᠠᠷ ᠪᠦᠷᠢᠳᠣᠭᠦᠯᠵᠤ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃ | http://mongol.people.com.cn/15827741.html |