ᠬᠥᠬᠡᠬᠤᠲᠠ ᠶᠢᠨ ᠬᠢᠨ ︽ᠲᠠᠷᠢᠶᠠᠯᠠᠩ ᠨᠡᠷᠡᠮᠵᠢᠲᠦ︾ ᠨᠠᠷᠠᠲᠤ ᠲᠡᠮᠳᠡᠭ ᠢᠶᠠᠨ ᠭᠡᠷᠡᠯᠳᠦᠭᠦᠯᠪᠡ
ᠨᠡᠶᠢᠲᠡᠯᠡᠭᠰᠡᠨ ᠴᠠᠭ᠄
2020/10/27
    ᠦᠪᠣᠷ  ᠮᠣᠩᠭᠤᠯ ᠤᠨ ᠡᠳᠦᠷ ᠤᠨ ᠰᠣᠨᠢᠨ ᠤ ᠬᠥᠬᠡᠬᠤᠲᠠ ᠶᠢᠨ 10 ᠰᠠᠷ᠎ᠠ ᠶᠢᠨ 25 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢᠦ ᠶᠠᠩ︶ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠥᠬᠡᠬᠤᠲᠠ ᠨᠡᠷᠡᠲᠦ  ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠴᠢᠷᠮᠠᠶᠢᠨ ᠬᠡᠷᠡᠭᠵᠢᠭᠦᠯᠵᠦ᠂ ︽ᠲᠠᠷᠢᠶᠠᠯᠠᠩ ᠨᠡᠷᠡᠮᠵᠢᠲᠦ︾ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ  ᠲᠡᠭᠡᠭᠰᠢᠯᠡᠬᠦᠯᠵᠥ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠴᠢᠳ ᠤᠨ ᠢᠲᠡᠭᠡᠯ ᠪᠠ ᠲᠠᠭᠠᠰᠢᠶᠠᠯ ᠢ ᠣᠯᠤᠭᠰᠠᠨ ᠨᠢᠭᠡ ᠪᠦᠯᠦᠭ ᠨᠠᠷᠠᠲᠤ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ  ᠪᠣᠢ ᠪᠣᠯᠭᠠᠪᠠ  ᠃    ᠨᠠᠷᠠᠲᠤ  ᠲᠡᠮᠳᠡᠭ ᠢ  ᠪᠣᠢ ᠪᠣᠯᠭᠠᠬᠤ  ᠪᠣᠯ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠴᠢᠬᠤᠯᠠ ᠪᠡᠯᠭᠡ  ᠲᠡᠮᠳᠡᠭ ᠪᠣᠯᠬᠤ ᠪᠥᠭᠡᠳ ᠲᠠᠷᠢᠶᠠᠯᠠᠩ ᠮᠠᠯ ᠠᠵᠤ ᠠᠬᠤᠢ ᠶᠢᠨ  ᠣᠶᠢᠯᠡᠳᠪᠣᠷᠢᠯᠡᠯ  ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠶᠢ ᠲᠦᠯᠬᠢᠨ ᠠᠬᠢᠭᠤᠯᠬᠤ ᠬᠦᠴᠦᠲᠡᠶ ᠭᠠᠷᠳᠠᠴᠠ ᠪᠣᠯᠤᠨ᠎ᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠠᠴᠠ ᠨᠠᠰᠢ᠂ ︽ᠳᠤᠮᠳᠠᠳᠤ ᠤᠯᠤᠰ ᠤᠨ ᠴᠠᠭᠠᠨ ᠢᠳᠡᠭᠡᠨ  ᠤ ᠬᠤᠲᠠ︾ ᠨᠢ ᠬᠥᠬᠡᠬᠤᠲᠠ ᠶᠢᠨ ᠬᠠᠮᠤᠭ ᠤᠨ ᠰᠠᠶᠢᠬᠠᠨ ᠬᠤᠲᠠ ᠶᠢᠨ ᠨᠡᠷ᠎ᠡ ᠶᠢᠨ ᠬᠠᠭᠤᠳᠠᠰᠤ ᠪᠣᠯᠪᠠ︔ ︽ᠴᠡᠯᠡᠭᠡᠷ ᠲᠠᠯ᠎ᠠ ᠶᠢᠨ ᠦᠨᠦᠷ ᠠᠮᠲᠠ︾᠂ ︽ᠰᠤᠯᠤᠩᠭᠠᠨ ᠲᠦᠮᠡᠳ︾ ᠵᠡᠷᠭᠡ ᠨᠢᠭᠡ ᠪᠦᠯᠦᠭ ᠲᠤᠰ ᠲᠤᠰ ᠤᠨ ᠣᠨᠴᠠᠯᠢᠭ ᠲᠠᠢ ᠣᠷᠣᠨ ᠪᠦᠰᠡ ᠶᠢᠨ ᠤᠯᠠᠨ ᠨᠡᠶᠢᠲᠡ ᠶᠢᠨ ᠨᠠᠷᠠᠲᠤ ᠲᠡᠮᠳᠡᠭ ᠢ ᠤᠳᠤ ᠶᠠᠭ  ᠪᠠᠶᠢᠭᠤᠯᠵᠤ  ᠪᠤᠢ︔ ︽ᠢᠯᠢ︾᠂ ︽ᠮᠧᠩ ᠨᠢᠤ︾ ᠪᠠᠷ ᠲᠥᠯᠥᠭᠡᠯᠡᠭᠦᠯᠦᠭᠰᠡᠨ ᠠᠵᠤ ᠠᠬᠤᠶᠢᠯᠠᠯ ᠤᠨ ᠨᠠᠷᠠᠲᠤ ᠲᠡᠮᠳᠡᠭ ᠨᠢ ᠪᠥᠬᠦ ᠤᠯᠤᠰ ᠴᠢᠨᠠᠭᠰᠢᠯᠠᠪᠠᠯ ᠳᠡᠯᠡᠬᠡᠶ ᠳ᠋ᠠᠬᠢᠨ ᠳᠤ ᠠᠯᠳᠠᠷᠰᠢᠵᠠᠶ᠃    ᠡᠭᠦᠨ ᠤ ᠬᠠᠮᠲᠤ᠂ ᠣᠨᠴᠠᠯᠢᠭᠲᠤ ᠭᠤᠣᠯᠯᠠᠬᠤ ᠠᠵᠤ ᠦᠢᠯᠡᠰ ᠲᠤ ᠲᠦᠰᠢᠭᠯᠡᠨ᠂ ᠬᠥᠬᠡᠬᠤᠲᠠ ︽ᠨᠢᠭᠡ ᠲᠣᠰᠬᠤᠨ ᠨᠢᠭᠡ ᠨᠠᠷᠠᠲᠤ  ᠲᠡᠮᠳᠡᠭ︾ ᠤᠨ ᠵᠢᠱᠢᠶ᠎ᠡ ᠦᠵᠡᠭᠦᠯᠬᠦ ᠪᠠᠯᠭᠠᠰᠤ 3᠂ ︽ᠨᠢᠭᠡ ᠲᠣᠰᠬᠤᠨ ᠨᠢᠭᠡ ᠨᠠᠷᠠᠲᠤ  ᠲᠡᠮᠳᠡᠭ︾ ᠤᠨ ᠲᠤᠰᠬᠠᠶ ᠠᠵᠢᠯ ᠤᠨ ᠲᠣᠰᠬᠤᠨ 54 ᠶᠢ ᠠᠩᠬ᠎ᠠ ᠠᠯᠬᠤᠮ ᠪᠠᠶᠢᠭᠤᠯᠵᠤ᠂ ᠬᠥᠬᠡᠬᠤᠲᠠ ᠶᠢᠨ ᠡᠯ᠎ᠡ ᠭᠠᠵᠠᠷ ᠤᠨ ᠬᠢᠨ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠵᠦ᠂ ᠴᠢᠩ ᠱᠦᠶ ᠾᠧ ᠭᠤᠤᠯ ᠤᠨ ᠯᠣᠤ ᠨᠢᠤ ᠸᠠᠨ ᠲᠣᠰᠬᠤᠨ᠂  ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ᠂ ᠬᠤᠷᠢᠨᠬᠡᠷ ᠰᠢᠶᠠᠨ ᠤ ᠭᠧ ᠳ᠋ᠧᠦ ᠲᠣᠰᠬᠤᠨ  ᠵᠡᠷᠭᠡ 3 ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠪᠠ᠃ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ  ᠨᠡᠮᠡᠭᠳᠡᠬᠦᠯᠵᠥ᠂ ᠪᠤᠵᠠᠷᠳᠤᠯ ᠦᠭᠡᠢ᠂ ᠣᠷᠭᠠᠨᠢᠭ ᠭᠡᠷᠡᠴᠢᠯᠡᠯ ᠤᠨ ᠪᠦᠲᠦᠭᠡᠭᠳᠡᠬᠦᠨ ᠤ ᠭᠡᠷᠡᠴᠢᠯᠡᠯ 92 ᠪᠠᠶᠢᠵᠤ᠂ ᠭᠠᠵᠠᠷ ᠵᠦᠢ ᠶᠢᠨ ᠢᠮ ᠲᠡᠮᠳᠡᠭᠳᠤ  ᠪᠦᠲᠦᠭᠡᠭᠳᠡᠬᠦᠨ ᠤ ᠭᠡᠷᠡᠴᠢᠯᠡᠯ 3 ᠪᠠᠶᠢᠵᠤ᠂ 10 ᠪᠦᠲᠦᠭᠡᠭᠳᠡᠬᠦᠨ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣ‌‍ᠷᠣᠪᠠ᠃    ᠡᠭᠦᠨ ᠠᠴᠠ ᠭᠠᠳᠠᠨ᠎ᠠ᠂ ᠬᠤᠷᠢᠨᠬᠡᠷ ᠰᠢᠶᠠᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠣᠶᠢᠯᠡᠰ ᠤᠨ ᠬᠦᠷᠢᠶᠡᠯᠡᠩ ᠳᠤ ᠵᠢᠭᠰᠠᠭᠠᠭᠳᠠᠵᠤ᠂ ᠦᠴᠤᠸᠠᠨ ᠰᠢᠶᠠᠨ ᠲᠥᠮᠥᠰᠥ᠂ ᠢᠳᠡᠰᠢᠨ ᠬᠤᠨᠢ᠂ ᠨᠣᠬᠠᠶ ᠶᠢᠨ ᠬᠤᠰᠢᠭᠤ᠂ ᠢᠳᠡᠰᠢᠨ ᠮᠥᠭᠦ ᠪᠠᠷ ᠭᠤᠤᠯ ᠪᠣᠯᠭᠠᠭᠰᠠᠨ ᠠᠵᠤ ᠣᠶᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠶ᠃ ᠣᠳᠣᠬᠠᠨ ᠳᠤ᠂ ᠬᠥᠬᠡᠬᠤᠲᠠ ᠳᠤ ᠰᠡᠯᠡᠭᠦᠴᠡᠯ ᠤᠨ ᠲᠠᠷᠢᠶᠠᠯᠠᠩ ᠤᠨ ᠬᠥᠭᠵᠢᠯᠲᠡ ᠶᠢᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠴᠡᠭ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠰᠢᠶᠠᠨ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠡᠭ 13᠂ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ 3 ᠪᠣᠶ᠃ ᠲᠣᠭᠳᠠᠬᠤ ᠰᠢᠶᠠᠨ ᠤ ᠾᠧ ᠺᠧᠦ ᠶᠢᠨ ᠡᠷᠲᠡᠨ ᠤ ᠪᠠᠯᠭᠠᠰᠤ᠂ ᠴᠢᠩ ᠱᠦᠶ ᠾᠧ ᠰᠢᠶᠠᠨ ᠤ ᠬᠤᠩ ᠾᠧ ᠪᠠᠯᠭᠠᠰᠤᠨ ᠤ ᠤᠶᠤᠨᠲᠤ  ᠲᠠᠷᠢᠶᠠᠯᠠᠩ ᠤᠨ ᠬᠦᠷᠢᠶᠡᠯᠡᠩ᠂ ᠾᠧ ᠯᠢᠨ ᠰᠢᠶᠠᠨ ᠤ ᠪᠣᠭᠤᠮᠲᠠ ᠶᠢᠨ ᠭᠠᠳᠠᠨᠠᠬᠢ ᠲᠤᠭᠤᠷ ᠤᠨ ᠬᠦᠷᠢᠶᠡᠯᠡᠩ ᠵᠡᠷᠭᠡ ᠲᠠᠷᠢᠶᠠᠯᠠᠩ ᠤᠨ ᠶᠡᠷᠦᠩᠬᠡᠶ ᠴᠣᠭᠴᠠ ᠠᠩᠬ᠎ᠠ ᠠᠯᠬᠤᠮ ᠬᠡᠪᠴᠢᠶᠡᠵᠢᠪᠡ᠃ ᠦᠴᠤᠸᠠᠨ ᠰᠢᠶᠠᠨ ᠤ ᠲᠥᠮᠥᠰᠥ ᠲᠠᠷᠢᠬᠤ᠂ ᠲᠣᠭᠲᠠᠬᠤ ᠰᠢᠶᠠᠨ ᠤ ᠰᠡᠯᠡᠭᠦᠴᠡᠯ ᠤᠨ ᠲᠠᠷᠢᠶᠠᠯᠠᠩ ᠤᠨ ᠬᠦᠷᠢᠶᠡᠯᠡᠩ᠂ ᠰᠠᠶᠢᠬᠠᠨ ᠲᠣᠭᠤᠷᠢᠭ ᠤᠨ ᠲᠥᠬᠦᠭᠡᠷᠦᠮᠵᠢᠲᠦ ᠲᠠᠷᠢᠶᠠᠯᠠᠩ᠂ ᠬᠤᠷᠢᠨᠬᠡᠷ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ ᠠᠵᠦ ᠣᠶᠢᠯᠡᠰ ᠵᠡᠷᠭᠡ ᠭᠠᠵᠠᠷ ᠣᠷᠣᠨ ᠤ ᠳᠠᠪᠠᠭᠤᠯᠢᠭ ᠣᠨᠴᠠᠯᠢᠭᠲᠤ ᠠᠵᠤ  ᠣᠶᠢᠯᠡᠰ ᠢ ᠠᠯᠬᠤᠮ ᠠᠯᠬᠤᠮ ᠢᠶᠠᠷ  ᠪᠦᠷᠢᠳᠣᠭᠦᠯᠵᠤ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃http://mongol.people.com.cn/15827741.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ