ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢᠨ᠎ᠡ ᠬᠤᠲᠠ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/10/28
      10 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠲᠤ ᠬᠦᠷᠴᠦ ᠨᠡᠶᠢᠭᠡᠮ ᠤᠨ ᠳᠠᠭᠠᠳᠬᠠᠯ ᠤᠨ ᠬᠤᠯᠪᠤᠭᠳᠠᠯ ᠪᠥᠬᠦᠶ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠲᠤᠰ ᠤᠳᠠᠭᠠᠨ ᠤ ᠪᠠᠶᠢᠴᠠᠭᠠᠨ ᠰᠣᠳᠤᠯᠤᠯᠲᠠ ᠨᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠤᠤᠯᠳᠠᠭᠤ ᠰᠢᠨ᠎ᠡ ᠬᠤᠲᠠ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠥᠪ ᠤᠨ ᠨᠥᠬᠦᠪᠥᠷᠢ ᠪᠡᠯᠡ ᠮᠥᠩᠭᠦ ᠶᠢ ᠪᠠᠭᠠᠰᠬᠠᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠡᠭᠦᠨ ᠤ ᠬᠠᠮᠲᠤ ᠰᠢᠨ᠎ᠡ ᠬᠤᠲᠠ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠭᠡᠬᠦ ᠴᠤᠪᠤᠷᠠᠯ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠡᠳ᠋ ᠤᠨ ᠶᠠᠪᠤᠳᠠᠯ ᠤᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠪᠠ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠪᠦᠬᠦᠯᠢ ᠴᠣᠭᠴᠠ ᠶᠢᠨ ᠠᠵᠢᠯ ᠥᠷᠨᠢᠭᠦᠯᠦᠭᠰᠡᠨ ᠪᠠᠶᠢᠳᠠᠯ ᠳᠤ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠤᠭᠰᠠᠨ ᠤ ᠳᠠᠷᠠᠭ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠨᠢ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠡᠯ᠎ᠡ ᠵᠣᠶᠢᠯ ᠤᠨ ᠠᠵᠢᠯ ᠤᠨ ᠠᠮᠵᠢᠯᠲᠠ ᠵᠢᠴᠢ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠨᠤᠲᠠᠯᠠᠬᠤ ᠶᠢᠨ ᠬᠠᠮᠲᠤ᠂ ᠰᠢᠨ᠎ᠡ ᠬᠤᠲᠠ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠠᠵᠢᠯ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃ ᠨᠢᠭᠡ ᠳᠤ ᠰᠢᠨ᠎ᠡ ᠬᠤᠲᠠ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠯᠢᠶᠡᠳ ᠶᠡᠭᠡ ᠪᠣᠯᠪᠠᠴᠤ ᠠᠵᠢᠯᠲᠠᠳ ᠬᠠᠷᠢᠴᠠᠩᠭᠤᠶ ᠬᠦᠷᠦᠯᠴᠡᠬᠦ ᠦᠭᠡᠶ ᠪᠠᠶᠢᠳᠠᠯ ᠳᠤ ᠴᠢᠭᠯᠡᠭᠦᠯᠦᠨ ᠡᠷᠬᠢᠮ ᠨᠠᠨᠳᠢᠨ ᠰᠠᠨᠠᠯ ᠳᠤᠷᠠᠳᠪᠠ᠃ ᠬᠤᠶᠠᠷ ᠲᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠠᠵᠢᠯᠯᠠᠭᠠᠨ ᠢ ᠣᠯᠠᠨ ᠲᠠᠯ᠎ᠠ ᠠᠴᠠ ᠡᠭᠦᠰᠬᠦ ᠶᠢ ᠬᠡᠷᠬᠢᠨ ᠪᠠᠲᠤᠯᠠᠬᠤ ᠲᠤᠬᠠᠶ ᠪᠣᠳᠠᠲᠠᠶ ᠰᠠᠨᠠᠭᠤᠯᠭ᠎ᠠ ᠪᠠ ᠠᠷᠭ᠎ᠠ ᠬᠡᠮᠵᠢᠶ᠎ᠡ ᠳᠤᠷᠠᠳᠪᠠ᠃ ᠭᠤᠷᠪᠠ ᠳᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠥᠪ ᠤᠨ ᠪᠠᠶᠢᠴᠠᠭᠠᠨ ᠰᠤᠳᠤᠯᠤᠭᠴᠢ ᠰᠢᠨ᠎ᠡ ᠬᠤᠲᠠ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠪᠠᠶᠢᠴᠠᠭᠠᠨ ᠦᠵᠡᠭᠰᠡᠨ ᠤ ᠳᠠᠷᠠᠭ᠎ᠠ᠂ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠳᠤ ᠪᠣᠳᠠᠲᠠᠶ ᠰᠠᠨᠠᠭᠤᠯᠭ᠎ᠠ ᠳᠤᠷᠠᠳᠪᠠ᠃
     ᠲᠤᠰ ᠤᠳᠠᠭᠠᠨ ᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠰᠢᠨ᠎ᠡ ᠬᠤᠲᠠ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ ᠢ ᠬᠠᠪᠰᠤᠷᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠳᠠᠯᠳᠠ ᠭᠡᠮ ᠪᠣᠯᠤᠨ ᠲᠦᠭᠰᠢᠭᠦᠷᠢ ᠶᠢᠨ ᠴᠢᠭ ᠢ ᠪᠢᠲᠡᠭᠦᠮᠵᠢᠯᠡᠨ ᠪᠦᠭᠯᠡᠵᠦ᠂ ᠲᠤᠭᠤᠷᠢᠭ ᠤᠨ ᠨᠡᠶᠢᠭᠡᠮ ᠤᠨ ᠪᠠᠲᠣᠯᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠪᠠ᠃
     ᠳᠠᠷᠠᠭ᠎ᠠ ᠠᠯᠬᠤᠮ ᠳᠤ᠂ ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ ᠨᠢ ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠰᠠᠨᠠᠭᠤᠯᠭ᠎ᠠ ᠪᠠ ᠰᠠᠨᠠᠯ ᠢ ᠬᠢᠨᠠᠮᠠᠭᠠᠶ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠵᠤ᠂ ᠵᠣᠶᠢᠯ ᠳᠠᠷᠠᠭᠠᠯᠠᠨ ᠥᠭᠡᠷᠡᠴᠢᠯᠡᠨ  ᠨᠠᠶᠢᠲᠠᠪᠤᠷᠢᠵᠢᠭᠤᠯᠵᠤ ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠵᠢᠴᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠤᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠬᠠᠷᠢᠭᠤᠴᠠᠯᠭ᠎ᠠ ᠶᠢ ᠪᠤᠳᠠᠳᠠᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠲᠡᠷᠡᠴᠢᠯᠡᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠡᠶᠢᠭᠡᠮ ᠤᠨ ᠪᠠᠲᠤᠯᠠᠭ᠎ᠠ ᠶᠢᠨ ᠡᠯ᠎ᠡ ᠵᠣᠶᠢᠯ ᠤᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号