ᠬᠦᠬᠡᠬᠤᠳᠠ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠤᠰᠤᠨ ᠤ ᠣᠷᠴᠢᠨ ᠲᠣᠭᠤᠷᠢᠨ ᠢ ᠬᠠᠮᠠᠭᠠᠯᠠᠵᠦ ᠶᠠᠰᠤ ᠴᠢᠨᠠᠷ ᠢ ᠲᠡᠭᠡᠭᠰᠢᠯᠡᠭᠦᠯᠪᠡ
ᠨᠡᠶᠢᠲᠡᠯᠡᠭᠰᠡᠨ ᠴᠠᠭ᠄
2020/10/28
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠥᠩ ᠰᠢᠶᠠᠩ ᠬᠤᠸᠠ︶ ᠡᠨᠡ ᠵᠢᠯ ᠠᠴᠠ ᠨᠠᠰᠢ᠂ ᠬᠦᠬᠡᠬᠤᠳᠠ ᠶᠢᠨ ᠴᠡᠴᠡᠷᠯᠢᠭᠵᠢᠭᠦᠯᠦᠨ ᠪᠠᠶᠢᠭᠤᠯᠬᠤ ᠣᠶᠢᠯᠡᠴᠢᠯᠡᠭᠡᠨ ᠤ ᠲᠥᠪ ᠨᠢ ᠬᠠᠷ᠎ᠠ ᠦᠮᠡᠬᠡᠶ ᠤᠰᠤ ᠶᠢ ᠵᠠᠰᠠᠬᠤ ᠶᠢᠨ ᠲᠣᠭᠤᠷᠢᠨ ᠳᠤ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠥ᠂ ᠬᠤᠲᠠ ᠲᠣᠭᠤᠷᠢᠭᠰᠠᠨ ᠤᠰᠤᠨ ᠰᠢᠰᠲ᠋ᠧᠮ ᠤᠨ ᠣᠷᠴᠢᠨ ᠲᠣᠭᠤᠷᠢᠨ ᠤ ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠤᠰᠤᠨ ᠤ ᠣᠷᠴᠢᠨ ᠲᠣᠭᠤᠷᠢᠨ ᠢ ᠠᠷᠠᠴᠢᠯᠠᠨ ᠬᠠᠮᠠᠭᠠᠯᠠᠵᠦ ᠶᠠᠰᠤ ᠴᠢᠨᠠᠷ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠳᠣᠲᠣᠷᠠᠬᠢ ᠰᠠᠭᠤᠭᠠᠯᠢ ᠠᠷᠠᠳ ᠲᠤ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠪᠠ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠪᠡ᠃    ᠬᠥᠬᠡᠬᠤᠲᠠ ᠶᠢᠨ ᠴᠡᠴᠡᠷᠯᠢᠭᠵᠢᠭᠦᠯᠦᠨ ᠪᠠᠶᠢᠭᠤᠯᠬᠤ ᠣᠶᠢᠯᠡᠴᠢᠯᠡᠭᠡᠨ ᠤ ᠲᠥᠪ ᠨᠢ ᠵᠢᠯ ᠤᠨ ᠡᠬᠢᠨ ᠳᠤ ᠲᠣᠭᠳᠠᠭᠠᠭᠰᠠᠨ ᠬᠤᠲᠠ ᠲᠣᠭᠤᠷᠢᠭᠰᠠᠨ ᠤᠰᠤᠨ ᠤ ᠰᠢᠰᠲ᠋ᠧᠮ ᠤᠨ ︽ᠪᠠᠭ᠎ᠠ ᠲᠦᠷᠬᠡᠨ ᠭᠤᠤᠯ ᠤᠨ ᠬᠡᠰᠡᠭ ︵ᠪᠠᠶᠠᠨᠨᠠᠭᠤᠷ ᠡᠮᠣᠨ᠎ᠡ ᠵᠠᠮ — ᠶᠦᠨ ᠵᠦᠩ ᠵᠠᠮ︶ ᠤᠨ ᠬᠠᠷ᠎ᠠ ᠦᠮᠡᠬᠡᠶ  ᠤᠰᠤ ᠶᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢᠨ ᠲᠥᠰᠦᠯ︾ ᠢ ᠴᠢᠩᠭ᠎ᠠ ᠵᠢᠷᠤᠮᠯᠠᠨ᠂ ᠪᠠᠭ᠎ᠠ ᠲᠦᠷᠬᠡᠨ ᠭᠤᠤᠯ ᠤᠨ ᠪᠠᠶᠠᠨᠨᠠᠭᠤᠷ ᠡᠮᠦᠨ᠎ᠡ ᠵᠠᠮ ᠤᠨ ᠶᠡᠭᠡ ᠬᠥᠭᠦᠷᠭᠡ ᠠᠴᠠ ᠶᠦᠨ ᠵᠦᠩ ᠵᠠᠮ ᠬᠦᠷᠬᠦ ᠶᠡᠭᠡ ᠬᠥᠭᠦᠷᠭᠡ ᠶᠢᠨ ᠬᠡᠰᠡᠭ ᠢ ᠪᠦᠬᠦᠯᠢ ᠴᠣᠭᠴᠠ ᠪᠠᠷ ᠨᠢ ᠦᠭᠡᠷᠡᠴᠢᠯᠡᠨ ᠰᠠᠶᠢᠵᠢᠷᠠᠭᠤᠯᠵᠦ᠂ ᠪᠤᠵᠠᠷ ᠦᠮᠡᠬᠡᠶ ᠤᠰᠤ ᠶᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠬᠡᠰᠡᠭ ᠢ ᠪᠥᠬᠦ ᠲᠠᠯ᠎ᠠ ᠪᠠᠷ ᠪᠣᠶ ᠪᠣᠯᠭᠠᠪᠠ᠃ ᠭᠤᠣᠯ ᠤᠨ ᠵᠠᠮ ᠤᠨ ᠠᠷᠢᠭᠤᠨ ᠴᠡᠪᠡᠷ ᠢ ᠬᠠᠮᠠᠭᠠᠯᠠᠬᠤ ᠵᠢᠴᠢ ᠤᠰᠤᠨ ᠶᠢ ᠠᠷᠠᠴᠢᠯᠠᠨ ᠬᠠᠮᠠᠭᠠᠯᠠᠬᠤ ᠲᠠᠯ᠎ᠠ ᠪᠠᠷ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ ᠠᠳᠠᠯ ᠠᠬᠤᠶᠢᠴᠢᠯᠠᠭᠰᠠᠨ ᠡᠷᠡᠭᠦᠯ ᠬᠠᠮᠠᠭᠠᠯᠠᠯ ᠤᠨ ᠠᠷᠢᠭᠤᠨ  ᠴᠡᠪᠡᠷ ᠤᠨ ᠺᠣᠮᠫᠠᠨᠢ ᠶᠢ ᠣᠷᠣᠭᠤᠯᠤᠨ ᠠᠪᠴᠢᠷᠠᠵᠤ᠂ ᠬᠤᠲᠠ ᠲᠣᠭᠤᠷᠢᠭᠰᠠᠨ ᠤᠰᠤᠨ ᠰᠢᠰᠲ᠋ᠧᠮ ᠤᠨ ᠬᠤᠶᠠᠷ ᠬᠠᠵᠠᠭᠤ ᠶᠢᠨ ᠨᠣᠭᠤᠭᠠᠨ ᠬᠥᠷᠥᠰᠥ ᠶᠢᠨ ᠬᠤᠭ ᠨᠣᠪᠰᠢ ᠵᠢᠴᠢ ᠭᠤᠤᠯ ᠤᠨ ᠲᠣᠳᠣᠷᠠᠬᠢ ᠤᠰᠤᠨ ᠡᠪᠡᠰᠦ ᠪᠠ ᠤᠰᠤᠨ ᠳᠡᠭᠡᠷᠡᠬᠢ  ᠬᠦᠪᠪᠤᠮᠡᠯ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠪᠡ᠃ ᠬᠤᠲᠠ ᠲᠣᠭᠤᠷᠢᠭᠰᠠᠨ ᠤᠰᠤᠨ ᠰᠢᠰᠲ᠋ᠧᠮ ᠤᠨ ᠬᠤᠶᠠᠷ ᠲᠠᠯ᠎ᠠ ᠶᠢᠨ ᠵᠦᠯᠭᠡ ᠭᠠᠵᠠᠷ ᠵᠢᠴᠢ ᠤᠰᠤᠨ ᠤ ᠭᠠᠳᠠᠷᠭᠤ ᠶᠢ ᠴᠡᠪᠡᠷ ᠲᠤᠩᠭᠠᠯᠠᠭ ᠪᠠᠶᠢᠯᠭᠠᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠤᠰᠤ ᠠᠷᠠᠴᠢᠯᠠᠨ ᠬᠠᠮᠠᠭᠠᠯᠠᠬᠤ ᠲᠤᠰᠬᠠᠢ ᠺᠣᠮᠫᠠᠨᠢ ᠶᠢ ᠣᠷᠣᠭᠤᠯᠤᠨ ᠠᠪᠴᠢᠷᠠᠵᠤ᠂ ᠠᠮᠢᠳᠤ ᠪᠣᠳᠠᠰ ᠤᠨ ᠰᠡᠷᠭᠡᠶᠢᠯᠡᠨ ᠵᠠᠰᠠᠬᠤ ᠪᠠ ᠬᠥᠮᠦᠨ ᠤ ᠬᠦᠴᠦ ᠪᠠᠷ ᠱᠦᠭᠦᠬᠦ ᠶᠢ ᠤᠶᠠᠯᠳᠤᠭᠤᠯᠬᠤ ᠠᠷᠭ᠎ᠠ ᠪᠠᠷ ᠤᠰᠤᠨ ᠤ ᠴᠢᠨᠠᠷ ᠠᠨᠠᠶ᠂ ᠠᠮᠠᠷᠬᠠᠨ ᠦᠮᠡᠬᠡᠶ ᠦᠨᠦᠷ ᠭᠠᠷᠬᠤ ᠤᠰᠤᠨ ᠣᠷᠣᠨ ᠢ ᠠᠷᠢᠭᠤᠳᠬᠠᠨ ᠵᠠᠰᠠᠵᠦ᠂ ᠤᠰᠤᠨ ᠳᠣᠲᠣᠷᠠᠬᠢ ᠬᠥᠬᠡ ᠵᠠᠮᠠᠭ᠂ ᠨᠣᠭᠤᠭᠠᠨ ᠵᠠᠮᠠᠭ᠂ ᠤᠰᠤᠨ ᠮᠢᠨᠳᠠᠰᠤ ᠵᠡᠷᠭᠡ ᠤᠰᠤᠨ ᠤ ᠬᠥᠨᠥᠭᠡᠯᠲᠦ ᠤᠷᠭᠤᠮᠠᠯ ᠤᠨ ᠥᠰᠴᠦ ᠳᠡᠯᠭᠡᠷᠡᠬᠦ ᠶᠢ ᠪᠦᠲᠦᠮᠵᠢᠲᠡᠶ ᠬᠤᠷᠢᠭᠯᠠᠵᠦ᠂ ᠬᠠᠷ᠎ᠠ ᠦᠮᠡᠬᠡᠶ ᠦᠨᠦᠷ ᠤᠨ ᠠᠶᠤᠯ ᠢ ᠶᠡᠭᠡ ᠪᠠᠷ ᠪᠠᠭᠤᠷᠠᠭᠤᠯᠵᠠᠢ᠃ ᠭᠤᠣᠯ ᠤᠨ  ᠵᠠᠮ ᠢ ᠴᠡᠪᠡᠷᠯᠡᠬᠦ ᠵᠢᠴᠢ ᠠᠮᠢ ᠠᠬᠤᠢ ᠶᠢᠨ ᠨᠠᠯᠠᠤ ᠭᠠᠵᠠᠷ ᠢ ᠵᠠᠰᠠᠨ ᠰᠡᠷᠭᠦᠭᠡᠬᠦ ᠲᠠᠯ᠎ᠠ ᠪᠠᠷ᠂ ᠵᠠᠰᠠᠭ ᠤᠨ ᠣᠷᠳᠣᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠠᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠣᠰ ᠬᠡᠰᠡᠭ ᠭᠤᠤᠯ ᠤᠨ ᠵᠠᠮ ᠢ ᠯᠠᠶᠢᠳᠠᠬᠤ ᠪᠠ ᠪᠤᠵᠠᠷᠳᠤᠯ ᠢ ᠢᠯᠭᠠᠷᠠᠭᠤᠯᠬᠤ ᠠᠵᠢᠯ ᠢ ᠬᠢᠪᠡ᠃ ᠣᠳᠣᠬᠠᠨ ᠳᠤ᠂ ᠨᠢᠭᠡᠨᠲᠡ ᠬᠡᠪ ᠤᠨ ᠠᠷᠠᠴᠢᠯᠠᠯᠲᠠ ᠶᠢᠨ ᠱᠠᠲᠤᠨ ᠳᠤ ᠣᠷᠣᠵᠤ᠂ ᠴᠡᠪᠡᠷᠯᠡᠨ ᠭᠠᠷᠭᠠᠭᠰᠠᠨ ᠯᠠᠭ ᠰᠢᠪᠠᠷ ᠢ ᠤᠰᠤᠨ ᠤ ᠤᠷᠭᠤᠮᠠᠯ ᠳᠠᠷᠢᠬᠤ ᠳᠤ ᠬᠡᠷᠡᠭᠯᠡᠵᠦ᠂ ᠤᠰᠤᠨ ᠤ ᠠᠶᠠᠨᠳᠠᠭᠠᠨ ᠴᠡᠪᠡᠷᠰᠢᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ᠂ ᠭᠤᠤᠯ ᠤᠨ ᠵᠠᠮ ᠤᠨ ᠤᠰᠤᠨ ᠣᠷᠣᠨ ᠤ ᠦᠵᠡᠮᠵᠢ ᠶᠢᠨ ᠲᠦᠷᠬᠦ ᠶᠢ ᠶᠡᠬᠡᠪᠡᠷ ᠰᠠᠶᠢᠵᠢᠷᠠᠭᠤᠯᠵᠠᠢ᠃    ᠭᠤᠣᠯ ᠳᠠᠭᠠᠤ ᠶᠢᠨ ᠦᠵᠡᠮᠵᠢ ᠶᠢ ᠭᠤᠶᠤᠵᠢᠭᠤᠯᠬᠤ ᠶᠢᠨ ᠲᠥᠯᠥᠭᠡ᠂ ᠣᠳᠣ ᠶᠢᠨ ᠪᠠᠶᠢᠭ᠎ᠠ ᠨᠣᠭᠤᠭᠠᠷᠠᠭᠤᠯᠤᠯᠲᠠ ᠶᠢᠨ ᠰᠠᠭᠤᠷᠢᠨ ᠳᠡᠭᠡᠷ᠎ᠡ᠂ ᠴᠡᠴᠡᠷᠯᠢᠭ ᠤᠨ ᠰᠠᠯᠠᠭ᠎ᠠ ᠮᠥᠴᠢᠷ ᠤᠨ ᠨᠠᠷᠢᠯᠢᠭᠵᠢᠭᠤᠯᠤᠭᠰᠠᠨ ᠠᠷᠠᠴᠢᠯᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠦ᠂ ᠴᠡᠴᠡᠷᠯᠢᠭ ᠤᠨ ᠵᠢᠵᠢᠭ ᠣᠶᠢᠯᠡᠳᠬᠦᠨ᠂ ᠭᠤᠤᠯ ᠤᠨ ᠳᠠᠯᠠᠩ ᠤᠨ  ᠬᠠᠮᠠᠭᠠᠯᠠᠯᠳᠠ ᠶᠢᠨ ᠬᠡᠷᠡᠰᠬᠡ ᠶᠢ ᠰᠡᠯᠪᠢᠨ ᠵᠠᠰᠠᠵᠤ ᠬᠠᠮᠠᠭᠠᠯᠠᠬᠤ᠂ ᠮᠣᠳᠣ ᠶᠢ ᠵᠠᠰᠠᠵᠤ ᠬᠠᠶᠢᠴᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠣᠯ ᠳᠠᠭᠠᠤ ᠦᠵᠡᠮᠵᠢ ᠶᠢᠨ ᠲᠦᠷᠢ ᠲᠦᠷᠬᠦ ᠶᠢ ᠠᠯᠬᠤᠮ ᠠᠯᠬᠤᠮ ᠢᠶᠠᠷ  ᠰᠠᠶᠢᠵᠢᠷᠠᠭᠤᠯᠪᠠ᠃ ᠲᠡᠷᠡᠴᠢᠯᠡᠨ ᠯᠢᠩᠬᠤᠸ᠎ᠠ ᠴᠡᠴᠡᠭ᠂ ᠰᠢᠷ᠎ᠠ ᠵᠡᠭᠡᠰᠦ ᠵᠡᠷᠭᠡ ᠤᠰᠤᠨ ᠤ ᠤᠷᠭᠤᠮᠠᠯ ᠲᠠᠷᠢᠬᠤ ᠡᠷᠴᠢᠮ ᠢᠶᠠᠨ ᠴᠢᠩᠭᠠᠷᠠᠭᠤᠯᠤᠭᠰᠠᠨ ᠤ ᠬᠠᠮᠲᠤ᠂ ᠭᠤᠣᠯ ᠤᠨ ᠵᠠᠮ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯ ᠮᠥᠷᠡᠨ ᠨᠠᠭᠤᠷ ᠤᠨ ᠣᠷᠴᠢᠨ ᠲᠣᠭᠤᠷᠢᠨ ᠢ ᠴᠠᠭ ᠲᠤᠬᠠᠶ ᠳᠤᠨᠢ ᠴᠡᠪᠡᠷᠯᠡᠵᠦ᠂ ᠬᠤᠲᠠ ᠶᠢᠨ ᠠᠷᠠᠳ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠨ ᠤ ᠤᠯᠠᠮ ᠠᠴᠠ ︽ᠤᠷᠤᠰᠬᠠᠯ ᠨᠢ ᠢᠷᠮᠡᠭᠦᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠤ︾ ᠪᠠᠶᠢᠬᠤ ᠶᠢ ᠪᠶᠡᠯᠡᠭᠦᠯᠪᠡ  ᠃http://mongol.people.com.cn/15827908.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号