ᠬᠥᠬᠡᠬᠤᠲᠠ ᠣᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ ᠪᠣᠶ
ᠨᠡᠶᠢᠲᠡᠯᠡᠭᠰᠡᠨ ᠴᠠᠭ᠄
2020/10/28
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠹᠧᠩ ᠶᠠᠨ ᠫᠢᠩ  ᠯᠢ ᠬᠠᠶ ᠵᠧᠨ︶ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠰᠢ᠂ ︽ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠬᠦᠴᠦᠷᠬᠡᠭᠵᠢᠭᠦᠯᠬᠦ︾ ᠶᠡᠷᠦᠩᠬᠡᠶ ᠰᠡᠳᠬᠢᠮᠵᠢ ᠶᠢ ᠪᠠᠷᠢᠮᠲᠠᠯᠠᠵᠦ᠂ ᠲᠣᠭᠠᠴᠢᠯᠠᠭᠰᠠᠨ ᠪᠠᠶᠢᠭᠤᠯᠤᠯᠲᠠ ᠶᠢᠨ ᠴᠢᠳᠠᠪᠤᠷᠢ ᠶᠢ ᠴᠢᠩᠭᠠᠷᠠᠭᠤᠯᠬᠤ᠂ ᠲᠣᠭᠠᠴᠢᠯᠠᠭᠰᠠᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠵᠢᠯ ᠤᠨ ᠴᠢᠬᠤᠯᠠ ᠬᠦᠢᠴᠡᠳᠬᠡᠯ ᠲᠤᠭ᠎ᠠ ᠪᠣᠯᠭᠠᠵᠤ᠂ ᠰᠢᠨ᠎ᠡ ᠬᠡᠯᠪᠡᠷᠢ ᠶᠢᠨ ᠤᠶᠤᠨᠴᠢ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠭᠤᠣᠯᠳᠠᠯᠭ᠎ᠠ᠂ ᠬᠦᠴᠢᠷ ᠠᠰᠠᠭᠤᠳᠠᠯ᠂ ᠡᠪᠡᠷᠰᠢᠶᠡᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠣᠶᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠪᠦᠬᠦ ᠲᠠᠯ᠎ᠠ ᠪᠠᠷ ᠪᠦᠬᠦ ᠬᠦᠴᠦᠨ ᠢᠶᠠᠷ ᠮᠠᠰᠢ ᠲᠦᠷᠭᠡᠨ ᠢᠶᠠᠷ ᠲᠦᠯᠬᠢᠨ ᠠᠬᠢᠭᠤᠯᠪᠠ᠃      ᠲᠣᠭᠠᠨ ᠤ ᠤᠬᠠᠭᠠᠨ ᠤ ᠪᠠᠶᠢᠭᠤᠯᠤᠯᠲᠠ ᠶᠢᠨ ᠤᠷᠤᠢ ᠲᠥᠯᠥᠪᠯᠡᠭᠡ ᠶᠢ ᠤᠷᠤᠭᠰᠢᠲᠠᠢ ᠠᠬᠢᠭᠤᠯᠪᠠ      ᠬᠥᠬᠡᠬᠤᠲᠠ ᠶᠢᠨ ᠤᠶᠤᠨᠴᠢ ᠬᠤᠲᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠢᠭᠡᠳᠦᠯᠲᠡᠢ ᠲᠦᠯᠣᠪᠵᠢᠬᠦᠯᠣᠨ ᠵᠣᠬᠢᠴᠠᠭᠤᠯᠵᠤ ᠠᠬᠢᠭᠤᠯᠬᠤ ᠶᠢᠨ ᠲᠤᠯᠠᠳᠠ᠂ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠰᠤᠷᠤᠯᠴᠠᠨ ᠰᠣᠳᠣᠯᠬᠤ ᠠᠵᠢᠯ ᠢ ᠢᠳᠡᠪᠬᠢᠲᠡᠶ ᠥᠷᠨᠢᠭᠦᠯᠵᠦ᠂ ᠰᠡᠳᠬᠢᠮᠵᠢ ᠪᠠᠨ ᠥᠷᠭᠡᠳᠬᠡᠨ᠂ ᠶᠠᠷᠢᠶ᠎ᠠ ᠬᠡᠯᠡᠯᠴᠡᠭᠡᠨ ᠤ ᠵᠠᠮ ᠢ ᠦᠷᠬᠡᠳᠬᠡᠵᠤ᠂ ᠣᠶᠤᠨᠴᠢ ᠲᠥᠪ ᠬᠤᠲᠠ᠂ ᠠᠷᠠᠳ ᠲᠤ ᠠᠰᠢᠭ ᠬᠦᠷᠲᠡᠭᠡᠬᠦ ᠬᠥᠬᠡᠬᠤᠲᠠ ᠶᠢ ᠲᠥᠯᠥᠪᠵᠢᠭᠦᠯᠦᠨ ᠬᠥᠭᠵᠢᠭᠦᠯᠬᠦ ᠤᠷᠤᠢ ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠪᠠ᠃    ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠷᠠᠭᠤᠯᠪᠠ    ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠣᠯ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠮᠢᠨ ᠰᠤᠳᠠᠰᠤ ᠮᠥᠨ᠂ ᠰᠢᠨ᠎ᠡ ᠴᠠᠭ ᠦᠶ᠎ᠡ ᠶᠢᠨ ᠰᠦᠯᠵᠢᠶᠡᠨ ᠤ ᠬᠥᠭᠵᠢᠯᠲᠡ ᠳᠤ ᠵᠣᠬᠢᠴᠠᠬᠤ ᠴᠢᠬᠤᠯᠠ ᠨᠥᠬᠦᠴᠡᠯ ᠮᠥᠨ᠂ ᠪᠠᠰᠠ ᠴᠤ ᠲᠣᠮᠣ ᠳ᠋ᠠᠶᠢᠲ᠋ᠠ ᠶᠢᠨ ᠬᠥᠭᠵᠢᠯᠲᠡ ᠬᠡᠷᠡᠭᠯᠡᠭᠡᠨ ᠤ ᠰᠠᠭᠤᠷᠢ ᠮᠥᠨ᠃ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠬᠥᠭᠵᠢᠯᠲᠡ ᠪᠠ ᠠᠮᠤᠷ ᠲᠦᠪᠰᠢᠨ︾ ᠢ ᠨᠢᠭᠡᠳᠦᠯᠲᠡᠶ ᠲᠥᠯᠥᠪᠯᠡᠬᠦ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠢᠮᠠᠭᠲᠠ ᠪᠠᠷᠢᠮᠲᠠᠯᠠᠵᠤ᠂ ᠠᠮᠤᠷ ᠲᠦᠪᠰᠢᠨ ᠢ ᠪᠠᠲᠤᠯᠠᠬᠤ ︽ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ︾ ᠶᠢᠨ ᠳᠦᠷᠢᠮ ᠢ ᠴᠢᠩᠭ᠎ᠠ ᠠᠳᠬᠤᠵᠣ᠂ ᠳᠡᠭᠡᠷ᠎ᠡ ᠠᠴᠠ ᠳᠣᠷᠣᠭᠰᠢ ᠳᠠᠷᠤᠯᠲᠠ ᠥᠭᠴᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠬᠥᠮᠦᠨ ᠪᠣᠯᠭᠠᠨ ᠳᠤ ᠨᠠᠶᠢᠳᠠᠪᠣᠷᠢᠵᠢᠭᠤᠯᠵᠣ᠂ ᠰᠦᠯᠵᠢᠶᠡᠨ ᠤ ᠠᠮᠤᠷ  ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠣ᠂ ᠵᠠᠰᠠᠭ ᠤᠨ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠶᠢ ᠪᠠᠬᠢᠵᠢᠭᠦᠯᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠪᠠᠶᠢᠨ᠎ᠠ᠃    ᠵᠠᠰᠠᠭ ᠤᠨ ᠣᠷᠳᠣᠨ ᠤ ᠪᠠᠶᠢᠭᠤᠯᠤᠮᠵᠢ ᠵᠢᠨ‌ᠣᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ  ︽ᠢᠨᠲ᠋ᠧᠷ ᠰᠦᠯᠵᠢᠶ᠎ᠡ +  ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠤᠯᠬᠤ ᠶᠢᠨ ᠲᠤᠯᠠᠲᠠ᠂ ︽ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ︾ ᠶᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠶᠠᠪᠤᠴᠠ ᠳᠤ ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠵᠦ᠂ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠨᠠᠮ ᠤᠨ ᠪᠠᠶᠢᠭᠤᠯᠤᠯᠲᠠ ᠶᠢᠨ ᠬᠥᠭᠵᠢᠯᠲᠡ ᠶᠢ ᠪᠣᠳᠠᠲᠠᠶ ᠠᠳᠬᠤᠵᠤ᠂ ︽ᠲᠤᠭ᠎ᠠ ᠪᠠᠷᠢᠮᠲᠠ ᠶᠢ ᠢᠯᠡᠭᠦᠬᠡᠨ ᠬᠡᠷᠡᠭᠯᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ  ︾ ᠠᠷᠠᠳ ᠤᠨ ᠠᠮᠢᠳᠤᠷᠠᠯ ᠤᠨ ᠲᠣᠬᠠᠢ ᠪᠣᠳᠠᠲᠤ ᠶᠠᠪᠤᠳᠠᠯ ᠢ ᠪᠡᠶᠡᠯᠡᠬᠦᠯᠵᠣ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ  ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠬᠤ ᠪᠠ ᠣᠯᠠᠨ ᠨᠡᠶᠢᠲᠡ ᠶᠢᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢ ᠲᠦᠷᠭᠡᠳᠬᠡᠵᠦ᠂ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠤᠷᠠᠬᠢ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠣᠶᠢᠯᠡᠴᠢᠯᠡᠭᠡᠨ ᠤ ᠣᠶᠢᠯᠡᠳᠣᠯ ᠴᠢᠳᠠᠪᠤᠷᠢ ᠶᠢ  ᠳᠡᠭᠡᠭᠰᠢᠯᠡᠭᠦᠯᠥᠭᠰᠡᠨ ᠪᠠᠶᠢᠨ᠎ᠠ᠃http://mongol.people.com.cn/15827905.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号