ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠨᠢᠭᠡᠳᠦᠭᠡᠷ ᠪᠦᠭᠦᠳᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/28
ᠶᠦᠨ ᠵᠢᠶᠠᠨ ᠳ᠋ᠦᠩ ᠡᠷᠬᠢᠯᠡᠪᠡ       ︵ᠰᠤᠷᠪᠤᠯᠵᠢᠯᠠᠭᠴᠢ ᠶᠦᠨ ᠶᠠᠨ ᠹᠠᠩ︶ 10 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠨᠢᠭᠡᠳᠦᠭᠡᠷ ᠪᠦᠭᠦᠳᠡ ᠬᠤᠷᠠᠯ ᠢ ᠬᠤᠷᠠᠯᠳᠤᠭᠤᠯᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠯᠢᠦ ᠮᠢᠨ᠂ ᠰᠡᠴᠡᠨᠪᠢᠯᠢᠭ᠂ ᠯᠠᠨ ᠹᠧᠩ ᠂ ᠭᠥᠸᠧ ᡁᠢ ᠭᠠᠩ᠂ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠬᠤᠩ ᠰᠢᠶᠠ᠂ ᠨᠠᠷᠢᠨ ᠪᠢᠴᠢᠭ ᠤᠨ ᠳᠠᠷᠤᠭ᠎ᠠ ᠵᠠᠩ ᠰᠢᠶᠥᠥ ᠹᠠᠨ ᠵᠢᠴᠢ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠨᠡᠶᠢᠲᠡ 33 ᠬᠥᠮᠥᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠬᠦᠷᠴᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠰᠢ ᠮᠢᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠳᠠᠷᠤᠭ᠎ᠠ ᠵᠠᠩ ᠵᠦᠩ ᠮᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠪᠠ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠡᠩ ᠲᠡᠷᠢᠭᠦᠨ ᠳᠤ ᠬᠤᠷᠠᠯ ᠤᠨ ᠵᠥᠪᠯᠡᠬᠦ ᠵᠦᠢᠯ ᠢ ᠪᠠᠲᠤᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠯᠢᠦ ᠴᠧᠩ ᠮᠢᠨ ᠤ ᠬᠢᠭᠰᠡᠨ ︽2019 ᠣᠨ ᠤ ᠪᠦᠬᠦ ᠬᠤᠲᠠ ᠶᠢᠨ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠮᠡᠳᠡᠭᠦᠯᠦᠯᠲᠡ︾︔ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠣᠣ ᠶᠢᠩ ᠵᠢᠶᠧ ᠶᠢᠨ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠢᠭᠰᠡᠨ ︽ᠬᠤᠲᠠ ᠶᠢᠨ ᠵᠠᠰᠠᠭ ᠤᠨ ᠣᠷᠳᠣᠨ ᠤ 2020 ᠣᠨ ᠤ ᠬᠤᠲᠠ ᠶᠢᠨ ᠲᠣᠰ ᠱᠠᠲᠤᠨ ᠤ ᠲᠥᠰᠦᠪ ᠲᠤ ᠲᠣᠬᠢᠷᠠᠭᠤᠯᠤᠯᠲᠠ ᠬᠢᠬᠦ ᠲᠥᠰᠦᠯ ︵ᠲᠥᠰᠦᠯ︶︾ ᠤᠨ ᠲᠣᠳᠣᠷᠬᠠᠶᠢᠯᠠᠯᠲᠠ︔ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠤᠨ ᠬᠢᠭᠰᠡᠨ ︽ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠢᠯᠡᠳᠬᠡᠯ ᠳᠤ ᠳᠤᠷᠠᠳᠤᠭᠰᠠᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ︾ ᠪᠠ ︽ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠵᠢᠴᠢ ᠭᠤᠣᠯᠳᠠᠯᠭ᠎ᠠ ᠲᠠᠢ ᠪᠠᠷ ᠱᠠᠯᠠᠪᠳᠠᠨ ᠰᠢᠢᠳᠪᠦᠷᠢᠯᠡᠭᠦᠯᠬᠦ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾︔ ᠵᠠᠩ ᠬᠤᠩ ᠰᠢᠶᠠ ᠶᠢᠨ ᠬᠢᠭᠰᠡᠨ ︽ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ︾ ᠶᠢ ᠰᠣᠨᠣᠰᠪᠠ᠃       ᠬᠤᠷᠠᠯ ᠠᠴᠠ ᠪᠠᠰᠠ ᠬᠠᠮᠢᠶ᠎ᠠ ᠪᠦᠬᠦᠢ ᠬᠥᠮᠥᠨ ᠤ ᠶᠠᠪᠤᠳᠠᠯ ᠤᠨ ᠰᠠᠨᠠᠯ ᠵᠥᠪᠯᠡᠯᠭᠡ ᠶᠢᠨ ᠲᠣᠳᠣᠷᠬᠠᠶᠢᠯᠠᠯᠲᠠ ᠶᠢ ᠰᠣᠨᠣᠰᠴᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号