ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠸᠠᠨ︶ 10 | ᠰᠠᠷ᠎ᠠ ᠶᠢᠨ 25 ᠤ ᠡᠳᠦᠷ ᠠᠴᠠ ᠡᠬᠢᠯᠡᠵᠦ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ | ᠪᠠᠭᠤᠳᠠᠯ ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠵᠥᠭᠡᠭᠡᠪᠦᠷᠢ ᠶᠢᠨ ᠬᠤᠭᠤᠴᠠᠭᠠᠨ ᠳᠤ ᠤᠷᠤᠵᠦ᠂ | ᠳᠠᠷᠠᠭ᠎ᠠ ᠵᠢᠯ ᠤᠨ 3 ᠰᠠᠷ᠎ᠠ ᠶᠢᠨ 27 ᠤ ᠡᠳᠦᠷ ᠪᠣᠯᠲᠠᠯ᠎ᠠ ᠨᠡᠶᠢᠳᠡ 153 ᠡᠳᠦᠷ ᠤᠨ ᠬᠤᠭᠤᠴᠠᠭ᠎ᠠ ᠲᠠᠢ | ᠶᠠᠪᠤᠬᠳᠠᠬᠤ ᠪᠣᠯᠣᠨ᠎ᠠ᠃ | ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠵᠥᠭᠡᠭᠡᠪᠦᠷᠢ ᠶᠢᠨ ᠬᠤᠭᠤᠴᠠᠭᠠᠨ ᠳᠤ᠂ ᠬᠥᠬᠡᠬᠤᠲᠠ ᠶᠢᠨ | ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠭᠠᠷᠠᠬ ᠲᠤ 2144 ᠡᠬᠡᠯᠵᠢ ᠶᠢᠨ ᠨᠢᠰᠬᠡᠯ | ᠨᠢᠰᠬᠡᠬᠦ ᠪᠠᠷ ᠲᠦᠯᠦᠪᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ | ᠤᠯᠤᠰ ᠤᠨ ᠲᠤᠳᠤᠭᠠᠳᠤ ᠶᠢᠨ ᠠᠭᠠᠷ ᠤᠨ ᠠᠶᠠᠯᠠᠯ ᠤᠨ ᠱᠤᠭᠤᠮ ᠢ 117 ᠵᠤᠷᠪᠤᠰ ᠲᠤ ᠬᠦᠷᠬᠡᠬᠦ ᠪᠠᠷ ᠲᠦᠯᠦᠪᠯᠡᠵᠦ | ᠂ ᠤᠯᠤᠰ ᠤᠨ ᠲᠤᠳᠤᠭᠠᠳᠤ ᠶᠢᠨ 78 ᠬᠤᠳᠠ ᠳᠤ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦᠯᠬᠦ ᠪᠠᠷ | ᠲᠦᠯᠦᠪᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7 ᠨᠡᠮᠡᠭᠳᠡᠵᠦ᠂ ᠤᠯᠤᠰ ᠤᠨ ᠲᠤᠳᠤᠭᠠᠳᠤ ᠶᠢᠨ | ᠰᠢᠭᠤᠳ ᠨᠢᠰᠴᠤ ᠬᠦᠷᠬᠦ ᠬᠤᠳᠠ ᠶᠢᠨ ᠲᠤᠭ᠎ᠠ ᠶᠢ 63 ᠳᠤ ᠬᠦᠷᠬᠡᠨ᠂ ᠦᠪᠡᠷᠳᠡᠬᠡᠨ ᠵᠠᠰᠠᠬᠤ ᠤᠷᠤᠨ ᠤ ᠭᠠᠳᠠᠨᠠᠬᠢ | 36 ᠬᠤᠲᠠ ᠪᠠ ᠥᠪᠡᠷᠲᠡᠭᠡᠨ ᠵᠠᠰᠠᠬᠤ ᠣᠷᠣᠨ ᠤ ᠲᠤᠳᠤᠨᠠᠬᠢ 4 ᠬᠤᠳᠠ ᠳᠤ ᠨᠡᠪᠲᠡᠷᠡᠬᠦ ᠨᠢᠰᠬᠡᠯ ᠤᠨ ᠡᠭᠡᠯᠵᠢ ᠶᠢᠨ | ᠲᠤᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ ᠡᠨᠡ ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠵᠦᠬᠡᠬᠡᠪᠦᠷᠢ ᠶᠢᠨ | ᠬᠤᠭᠤᠴᠠᠭᠠᠨ ᠳᠤ᠂ ᠲᠤᠰ ᠨᠢᠰᠬᠡᠯ ᠤᠨ ᠪᠠᠭᠤᠳᠠᠯ ᠪᠠᠰᠠ ᠭᠤᠤᠯ ᠱᠤᠭᠤᠮ ᠤᠨ ᠠᠭᠠᠷ ᠤᠨ ᠠᠶᠠᠯᠠᠯ ᠤᠨ ᠱᠤᠭᠤᠮ | ᠲᠣᠣᠷ ᠢᠶᠠᠨ ᠦᠷᠭᠦᠯᠵᠢᠯᠡᠨ ᠰᠢᠯᠢᠳᠡᠭᠵᠢᠬᠦᠯᠵᠦ᠂ ᠬᠤᠪᠧᠢ ᠶᠢᠨ ᠰᠢᠶᠠᠩᠶᠠᠩ᠂ ᠭᠤᠧᠠᠩᠳᠦ᠋ᠩ ᠤᠨ ᠵᠠᠨᠵᠢᠶᠠᠩ᠂ | ᠱᠠᠨᠳᠦ᠋ᠩ ᠤᠨ ᠸᠧᠢᠢᠬᠠᠢ᠂ ᠰᠢᠨᠵᠢᠶᠠᠩ ᠤᠨ ᠲᠦᠷᠫᠠᠨ᠂ ᠰᠢᠨᠵᠢᠶᠠᠨᠩ ᠤᠨ ᠠᠺᠰᠤ 5 ᠬᠤᠳᠠ ᠳᠤ ᠰᠢᠨ᠎ᠡ ᠪᠠᠷ | ᠠᠭᠠᠷ ᠤᠨ ᠠᠶᠠᠯᠠᠯ ᠤᠨ ᠱᠤᠭᠤᠮ ᠨᠡᠪᠲᠡᠷᠡᠬᠦᠯᠵᠦ᠂ ᠬᠤᠪᠧᠢ ᠶᠢᠨ ᠢᠴᠠᠩ᠂ ᠵᠢᠶᠠᠩᠰᠢ ᠶᠢᠨ ᠨᠠᠨᠴᠠᠩ᠂ | ᠭᠤᠸᠠᠩᠰᠢ ᠶᠢᠨ ᠬᠦᠢᠯᠢᠨ᠂ ᠵᠢᠶᠠᠩᠰᠤ ᠶᠢᠨ ᠶᠠᠨᠴᠧᠩ᠂ ᠵᠢᠶᠠᠩᠰᠤ ᠶᠢᠨ ᠰᠢᠦ᠋ᠢᠵᠧᠤ᠂ ᠱᠠᠨ ᠰᠢ ᠶᠢᠨ ᠶᠦᠨᠴᠧᠩ᠂ | ᠱᠠᠨ ᠰᠢ ᠶᠢᠨ ᠳ᠋ᠠᠲ᠋ᠦ᠋ᠩ᠂ ᠱᠠᠨ ᠰᠢ ᠶᠢᠨ ᠯᠢᠦ᠋ᠢᠯᠢᠶᠠᠩ᠂ ᠵᠧᠵᠢᠶᠠᠩ ᠤᠨ ᠨᠢᠩᠪᠦ᠋ᠸᠧ ᠳᠤ ᠨᠡᠪᠲᠡᠷᠡᠬᠦ 9 ᠠᠭᠠᠷ ᠤᠨ | ᠠᠶᠠᠯᠠᠯ ᠤᠨ ᠱᠤᠭᠤᠮ ᠢ ᠰᠡᠷᠬᠦᠬᠡᠵᠦ᠂ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦ ᠴᠢᠳᠠᠪᠤᠷᠢ ᠪᠠᠨ ᠴᠢᠨᠠᠬᠰᠢᠳᠠ | ᠲᠡᠭᠡᠭᠰᠢᠯᠡᠬᠦᠯᠦᠭᠰᠡᠨ ᠪᠠᠶᠢᠨ᠎ᠠ᠃ | ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠵᠥᠭᠡᠭᠡᠪᠦᠷᠢ ᠶᠢᠨ ᠬᠤᠭᠤᠴᠠᠭᠠᠨ ᠳᠤ᠂ ᠬᠥᠬᠡᠬᠤᠲᠠ ᠶᠢᠨ | ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ ᠪᠠᠭᠤᠳᠠᠯ ᠬᠦᠬᠡᠬᠤᠳᠠ ᠠᠴᠠ ᠦᠪᠡᠷᠳᠡᠬᠡᠨ ᠵᠠᠰᠠᠬᠤ ᠤᠷᠤᠨ ᠤ | ᠲᠤᠳᠤᠨᠠᠬᠢ ᠡᠯ᠎ᠡ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠳᠤ ᠨᠡᠪᠲᠡᠷᠡᠬᠦ ᠠᠭᠠᠷ ᠤᠨ ᠠᠶᠠᠯᠠᠯ ᠤᠨ | ᠱᠤᠭᠤᠮ ᠢᠶᠠᠨ ᠴᠢᠨᠠᠭᠰᠢᠳᠠ ᠨᠡᠮᠡᠭᠳᠡᠭᠦᠯᠵᠦ᠂ ᠡᠳᠦᠷ ᠲᠤᠮᠳᠠᠴᠢ ᠪᠠᠷ 62 ᠡᠬᠡᠯᠵᠢ ᠳᠤ ᠬᠦᠷᠬᠡᠵᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 2 ᠡᠭᠡᠯᠵᠢ ᠨᠡᠮᠡᠭᠳᠡᠭᠰᠡᠨ ᠤ ᠳᠣᠲᠣᠷ᠎ᠠ᠂ ᠬᠡᠰᠡᠭ ᠥᠪᠡᠷᠲᠡᠭᠡᠨ ᠵᠠᠰᠠᠬᠤ | ᠤᠷᠤᠨ ᠤ ᠲᠤᠳᠤᠨᠠᠬᠢ ᠨᠢᠰᠬᠡᠯ ᠤᠨ ᠪᠠᠭᠤᠳᠠᠯ ᠨᠢ ᠪᠠᠭ᠎ᠠ ᠬᠡᠯᠪᠡᠷᠢ ᠶᠢᠨ ᠠᠶᠠᠨᠴᠢᠨ ᠤ ᠨᠢᠰᠬᠡᠯ ᠢᠶᠠᠨ ᠲᠤᠮᠤ | ᠬᠡᠯᠪᠡᠷᠢ ᠶᠢᠨ ᠠᠶᠠᠨᠴᠢᠨ ᠤ ᠨᠢᠰᠬᠡᠯ ᠪᠤᠯᠭᠠᠵᠤ ᠰᠤᠯᠢᠬᠰᠠᠨ ᠪᠠᠶᠢᠨ᠎ᠠ᠃ |