2020 ᠤᠨ ᠤ ᠰᠡᠬᠦᠯ ᠪᠤᠯᠲᠠᠯ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠡᠮ ᠡᠮᠨᠡᠯᠭᠡ  ᠶᠢᠨ ᠦᠢᠯᠡᠴᠢᠯᠡᠭᠡᠨ ᠤ ᠦᠨ᠎ᠡ ᠬᠠᠩᠰᠢ ᠳᠤ ᠬᠦᠲᠡᠯᠦᠩᠭᠦᠢ ᠲᠤᠬᠢᠷᠠᠭᠤᠯᠤᠯᠲᠠ ᠬᠢᠬᠦ ᠲᠤᠭᠲᠠᠴᠠ ᠶᠢ ᠠᠩᠬ᠎ᠠ ᠠᠯᠬᠤᠮ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2020/10/28
     ᠬᠦᠬᠡᠬᠤᠲᠠ ᠶᠢᠨ ᠡᠲᠦᠷ ᠤᠨ ᠰᠤᠨᠢᠨ ᠤ ᠮᠡᠲᠡᠭᠡ ︵ᠰᠤᠷᠪᠤᠯᠵᠢᠯᠠᠭᠴᠢ ᠯᠢᠶᠠᠩ ᠵᠢᠩ ᠮᠸᠢ  ︶ ᠤᠶᠢᠷ᠎ᠠ ᠳᠤ ᠂ ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶᠠᠨ ᠠᠴᠠ ᠤᠶᠢᠯᠠᠭᠠᠵᠤ ᠮᠡᠲᠡᠭᠰᠨ ᠢᠶᠠᠷ᠂ ᠦᠪᠡᠷᠲᠡᠭᠡᠨ ᠵᠠᠰᠠᠬᠤ ᠤᠷᠤᠨ ᠮᠦᠨᠦᠬᠡᠨ ︽ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠳᠤ ᠬᠦᠲᠡᠯᠦᠩᠭᠦᠢ ᠲᠤᠬᠢᠷᠠᠭᠤᠯᠤᠯᠲᠠ ᠬᠢᠬᠦ ᠠᠵᠢᠯ ᠢ ᠰᠠᠶᠢᠳᠤᠷ ᠬᠢᠬᠦ ᠲᠤᠬᠠᠢ ᠬᠡᠷᠡᠭᠵᠢᠬᠦᠯᠬᠦ ᠰᠠᠨᠠᠯ︾  ᠭᠠᠷᠭᠠᠵᠠᠢ᠂ ᠡᠬᠦᠨ ᠳᠤ᠂ 2020 ᠤᠨ ᠤ ᠰᠡᠭᠦᠯᠴᠢ ᠪᠤᠯᠲᠠᠯ᠎ᠠ ᠦᠪᠡᠷᠲᠡᠭᠡᠨ ᠵᠠᠰᠠᠬᠤ ᠤᠷᠤᠨ ᠠᠴᠠ ᠨᠢᠭᠡᠲᠦᠯᠲᠡᠢ ᠵᠢᠯᠣᠭᠤᠳᠣᠭᠰᠠᠨ᠂ ᠡᠯ᠎ᠡ ᠠᠶᠢᠮᠠᠭ ᠬᠤᠲᠠ ᠶᠢᠨ   ᠬᠢᠨ ᠵᠤᠬᠢᠶᠠᠨ ᠪᠠᠶᠢᠭᠤᠯᠵᠤ ᠠᠬᠢᠭᠤᠯᠣᠭᠰᠠᠨ᠂ ᠲᠤᠷᠰᠢᠯᠲᠡ ᠬᠢᠬᠦ ᠡᠮ ᠡᠮᠨᠡᠯᠭᠡ ᠶᠢᠨ  ᠪᠠᠶᠢᠭᠤᠯᠤᠮᠵᠢ ᠶᠢᠨ ᠰᠦᠪᠡᠭᠴᠢᠯᠡᠯᠲᠡ ᠬᠢᠵᠦ ᠰᠢᠨ᠎ᠡ ᠶᠢ ᠡᠭᠦᠳᠣᠭ᠍ᠰᠡᠨ ᠡᠮ ᠡᠮᠨᠡᠯᠭᠡ ᠶᠢᠨ  ᠦᠢᠯᠡᠴᠢᠯᠡᠭᠡᠨ ᠤ ᠦᠨ᠎ᠡ ᠬᠠᠩᠰᠢ ᠳᠤ ᠬᠦᠲᠡᠯᠦᠩᠭᠦᠢ ᠲᠤᠬᠢᠷᠠᠭᠤᠯᠤᠯᠲᠠ ᠬᠢᠬᠦ ᠲᠤᠭᠲᠠᠴᠠ ᠶᠢ ᠠᠩᠬ᠎ᠠ ᠠᠯᠬᠤᠮ ᠪᠠᠶᠢᠭᠤᠯᠤᠨ᠎ᠠ᠃ 2025 ᠤᠨ ᠪᠤᠯᠲᠠᠯ᠎ᠠ  ᠲᠤᠭᠲᠠᠴᠠ ᠨᠢ ᠰᠢᠨᠵᠢᠯᠡᠬᠦ ᠣᠬᠠᠭᠠᠨᠴᠢ᠂ ᠤᠷᠤᠨ ᠭᠠᠵᠠᠷ ᠲᠡᠩᠴᠡᠭᠦᠷᠢᠲᠡᠢ᠂  ᠪᠦᠲᠦᠴᠡ ᠨᠢ ᠰᠢᠯᠢᠲᠡᠭᠵᠢᠭᠰᠡᠨ᠂ ᠦᠨ᠎ᠡ ᠬᠠᠩᠰᠢ ᠨᠢ ᠵᠦᠢ ᠵᠤᠬᠢᠰᠲᠠᠢ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠳᠤ ᠬᠦᠲᠡᠯᠦᠩᠭᠦᠢ ᠬᠠᠮᠢᠶᠠᠷᠣᠯᠳᠠ ᠬᠢᠬᠦ ᠰᠢᠨ᠎ᠡ ᠪᠠᠶᠢᠷᠢᠰᠢᠯ ᠢ ᠦᠨᠲᠦᠰᠦᠨ ᠳᠡᠭᠡᠨ ᠪᠦᠷᠢᠯᠲᠦᠬᠦᠯᠦᠨ᠎ᠡ ᠭᠡᠵᠡᠢ᠃     ᠤᠶᠢᠯᠠᠭᠠᠬᠰᠠᠨ ᠢᠶᠠᠷ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ  ᠬᠠᠩᠰᠢ ᠳᠤ ᠬᠦᠲᠡᠯᠦᠩᠭᠦᠢ ᠲᠤᠬᠢᠷᠠᠭᠤᠯᠤᠯᠲᠠ ᠬᠢᠬᠦ ᠲᠤᠭᠲᠠᠴᠠ ᠶᠢ ᠪᠠᠶᠢᠭᠤᠯᠬᠤ ᠳᠤ ᠲᠤᠤᠷᠠᠬᠢ ᠬᠡᠲᠦᠨ ᠲᠠᠯ᠎ᠠ ᠶᠢᠨ  ‍ᠭᠤᠯᠭ᠎ᠠ ᠶᠢ ᠪᠠᠭᠲᠠᠭᠠᠨ᠎ᠠ ᠄ ᠦᠨ᠎ᠡ ᠬᠠᠩᠰᠢ ᠶᠢᠨ ᠲᠤᠬᠢᠷᠠᠭᠤᠯᠤᠯᠲᠠ ᠶᠢᠨ ᠵᠠᠮ ᠮᠦᠷ ᠢ ᠨᠢᠭᠡᠲᠦᠯᠲᠡᠢ ᠵᠢᠷᠤᠮᠵᠢᠭᠤᠯᠤᠨ᠎ᠠ︔ ᠡᠬᠢᠯᠡᠵᠦ ᠬᠢᠬᠦ ᠨᠦᠬᠦᠴᠡᠯ ᠢ ᠶᠡᠷᠦᠩᠬᠡᠶᠢᠯᠡᠨ ᠲᠤᠬᠢᠶᠠᠨ᠎ᠠ︔ ᠲᠤᠬᠢᠷᠠᠭᠤᠯᠤᠯᠲᠠ ᠶᠢᠨ ᠦᠨᠡᠯᠡᠯᠲᠡ ᠶᠢ  ᠬᠤᠭᠤᠴᠠᠭ᠎ᠠ ᠲᠤᠭᠲᠠᠭᠠᠨ ᠦᠷᠨᠢᠬᠦᠯᠦᠨ᠎ᠡ︔ ᠲᠤᠬᠢᠷᠠᠭᠤᠯᠤᠯᠲᠠ ᠬᠢᠬᠦ ᠤᠷᠤᠨ ᠵᠠᠢ ᠶᠢ  ᠵᠦᠢ ᠵᠤᠬᠢᠰᠲᠠᠢ ᠬᠢᠨᠠᠨ ᠪᠤᠲᠤᠨ᠎ᠠ︔ ᠦᠨ᠎ᠡ ᠬᠠᠩᠰᠢ  ᠳᠤ ᠲᠤᠬᠢᠷᠠᠭᠤᠯᠤᠯᠲᠠ ᠬᠢᠬᠦ  ᠵᠦᠢᠯ ᠢ ᠰᠢᠯᠢᠳᠡᠭᠵᠢᠭᠦᠯᠥᠨ ᠰᠢᠯᠢᠨ᠎ᠡ︔ ᠦᠨ᠎ᠡ ᠬᠠᠩᠰᠢ ᠳᠤ ᠲᠤᠬᠢᠷᠠᠭᠤᠯᠤᠯᠲᠠ ᠬᠢᠬᠦ  ᠲᠦᠰᠦᠪ ᠢᠶᠠᠨ ᠰᠢᠨᠵᠢᠯᠡᠬᠦ ᠤᠬᠠᠭᠠᠨᠴᠢ ᠪᠠᠷ ᠲᠤᠭᠲᠠᠭᠠᠨ᠎ᠠ᠃ ᠬᠡᠷᠡᠭᠵᠢᠬᠦᠯᠬᠦ ᠰᠠᠨᠠᠯ ᠳᠤ ᠲᠤᠲᠤᠷᠬᠠᠶᠢᠯᠠᠬᠰᠠᠨ  ᠨᠢ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ   ᠳᠤ ᠬᠦᠲᠡᠯᠦᠩᠭᠦᠢ ᠲᠤᠬᠢᠷᠠᠭᠤᠯᠤᠯᠲᠠ ᠬᠢᠬᠦ ᠨᠢ ᠦᠪᠡᠷᠲᠡᠭᠡᠨ ᠵᠠᠰᠠᠬᠤ ᠤᠷᠤᠨ ᠤ  ᠤᠳᠤᠬᠠᠨ᠎ᠠ ᠬᠡᠷᠡᠭᠵᠢᠬᠦᠯᠵᠦ ᠪᠦᠬᠦᠢ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠵᠢᠷᠤᠮᠵᠢᠯ ᠪᠠ ᠦᠨ᠎ᠡ ᠬᠠᠩᠰᠢ ᠶᠢᠨ ᠰᠠᠭᠤᠷᠢᠨ ᠲᠡᠭᠡᠷ᠎ᠡ  ᠶᠠᠪᠤᠭᠲᠠᠭᠤᠯᠪᠠᠯ ᠵᠤᠬᠢᠨ᠎ᠠ᠃  ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ ᠱᠠᠳᠤ ᠬᠤᠪᠢᠶᠠᠨ ᠬᠠᠮᠢᠶᠠᠷᠤᠯᠲᠠ ᠬᠢᠵᠦ᠂ ᠦᠪᠡᠷᠲᠡᠭᠡᠨ ᠵᠠᠰᠠᠬᠤ ᠤᠷᠤᠨ ᠪᠠ ᠡᠯ᠎ᠡ ᠠᠶᠢᠮᠠᠭ ᠬᠤᠲᠠ ᠶᠢᠨ ᠡᠮ ᠡᠮᠨᠡᠯᠭᠡ ᠶᠢᠨ ᠪᠠᠳᠤᠯᠠᠭ᠎ᠠ ᠶᠢᠨ ᠰᠠᠯᠠᠭ᠎ᠠ ᠮᠦᠴᠢᠷ ᠲᠤᠰ ᠲᠤᠰ ᠬᠤᠯᠪᠤᠬᠲᠠᠯ ᠪᠦᠬᠦᠢ ᠰᠯᠠᠭ᠎ᠠ ᠮᠦᠴᠢᠷ ᠯᠦᠭᠡ ᠨᠢᠭᠡᠲᠦᠯᠲᠡᠢ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠡᠬᠦᠨ ᠤ ᠲᠤᠲᠤᠷ᠎ᠠ᠂ ᠦᠪᠡᠷᠲᠡᠭᠡᠨ ᠵᠠᠰᠠᠬᠤ ᠤᠷᠤᠨ ᠭᠤᠤᠯᠲᠠᠭᠤ ᠤᠯᠤᠰ ᠠᠴᠠ ᠬᠢᠨᠠᠨ ᠲᠤᠭᠲᠠᠭᠠᠬᠰᠠᠨ ᠦᠨ᠎ᠡ ᠬᠠᠩᠰᠢ  ᠶᠢᠨ ᠲᠦᠷᠦᠯ ᠵᠦᠢᠯ ᠠᠴᠠ ᠭᠠᠲᠠᠨᠠᠬᠢ ᠪᠦᠬᠦ ᠤᠷᠤᠨ ᠤ ᠡᠯ᠎ᠡ ᠱᠠᠳᠤ ᠡᠯ᠎ᠡ ᠲᠦᠷᠦᠯ ᠤᠨ ᠡᠮ ᠡᠮᠨᠡᠯᠭᠡ ᠶᠢᠨ  ᠪᠠᠶᠢᠭᠤᠯᠤᠮᠵᠢ ᠶᠢᠨ ᠡᠮ ᠡᠮᠨᠡᠯᠭᠡ ᠶᠢᠨ ᠦᠯᠡᠴᠢᠯᠡᠭᠡᠨ ᠤ ᠲᠦᠷᠦᠯ ᠵᠦᠢᠯ ᠤᠨ  ᠵᠢᠷᠤᠮᠵᠢᠯ᠂ ᠠᠯᠪᠠᠨ ᠠᠴᠠ ᠪᠠᠶᠢᠭᠤᠯᠤᠬᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ  ᠰᠢᠨ᠎ᠡ ᠨᠡᠮᠡᠭᠲᠡᠭᠰᠡᠨ ︽ᠢᠨᠲ᠋ᠧᠷ ᠰᠦᠯᠵᠢᠶ᠎ᠡ +︾ ᠡᠮ ᠡᠮᠨᠡᠯᠭᠡ ᠶᠢᠨ ᠦᠯᠡᠴᠢᠯᠡᠭᠡᠨ ᠤ  ᠲᠦᠷᠦᠯ ᠵᠦᠢᠯ ᠤᠨ ᠦᠨ᠎ᠡ ᠬᠠᠩᠰᠢ ᠶᠢᠨ ᠬᠦᠲᠡᠯᠦᠩᠭᠦᠢ ᠲᠤᠬᠢᠷᠠᠭᠤᠯᠤᠯᠲᠠ ᠶᠢ ᠬᠠᠷᠢᠭᠤᠴᠠᠵᠤ᠂  ᠵᠡᠷᠭᠡᠲᠡ ᠨᠢ ᠡᠯ᠎ᠡ ᠠᠶᠢᠮᠠᠭ ᠬᠤᠲᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ  ᠤᠨ ᠦᠨ᠎ᠡ ᠬᠠᠩᠰᠢ ᠶᠢᠨ ᠬᠦᠲᠡᠯᠦᠩᠭᠦᠢ ᠲᠤᠬᠢᠷᠠᠭᠤᠯᠤᠯᠲᠠ ᠳᠤ ᠵᠢᠯᠤᠭᠤᠲᠤᠯᠭ᠎ᠠ ᠪᠠ ᠬᠢᠨᠠᠯᠲᠠ ᠬᠠᠮᠢᠶᠠᠷᠤᠯᠲᠠ ᠬᠢᠨ᠎ᠡ︔ ᠡᠯ᠎ᠡ ᠠᠶᠢᠮᠠᠭ ᠬᠤᠳᠠ ᠶᠢᠨ ᠬᠢᠨ ᠭᠤᠤᠯᠲᠠᠭᠤ ᠬᠠᠷᠢᠶ᠎ᠠ ᠲᠤᠲᠤᠷᠠᠬᠢ ᠠᠯᠪᠠᠨ ᠠᠴᠠ ᠪᠠᠶᠢᠭᠤᠯᠤᠬᠰᠠᠨ ᠡᠯ᠎ᠡ ᠱᠠᠳᠤ ᠡᠯ᠎ᠡ ᠲᠦᠷᠦᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠦᠨᠲᠦᠰᠦᠨ ᠡᠮ ᠡᠮᠨᠡᠯᠭᠡ ᠶᠢᠨ ᠦᠢᠯᠡᠴᠢᠯᠡᠭᠡᠨ  ᠤ ᠲᠦᠷᠦᠯ ᠵᠦᠢᠯ ᠤᠨ  ᠦᠨ᠎ᠡ ᠬᠠᠩᠰᠢ ᠶᠢᠨ ᠬᠦᠲᠡᠯᠦᠩᠭᠦᠢ ᠲᠤᠬᠢᠷᠠᠭᠤᠯᠤᠯᠲᠠ ᠶᠢ ᠬᠠᠷᠢᠭᠤᠴᠠᠬᠤ ᠪᠦᠭᠡᠳ ᠦᠨ᠎ᠡ ᠬᠠᠩᠰᠢ ᠳᠤ ᠲᠤᠬᠢᠷᠠᠭᠤᠯᠤᠯᠲᠠ ᠬᠢᠬᠦ ᠠᠴᠠ ᠡᠮᠦᠨ᠎ᠡ 15 ᠡᠲᠦᠷ ᠤᠨ  ᠡᠮᠦᠨ᠎ᠡ ᠦᠨ᠎ᠡ ᠬᠠᠩᠰᠢ ᠳᠤ ᠲᠤᠬᠢᠷᠠᠭᠤᠯᠤᠯᠲᠠ ᠬᠢᠬᠦ ᠲᠦᠰᠦᠪ᠂ ᠦᠨ᠎ᠡ ᠬᠠᠩᠰᠢ ᠳᠤ ᠲᠤᠬᠢᠷᠠᠭᠤᠯᠤᠯᠲᠠ ᠬᠢᠭᠰᠡᠨ ᠠᠴᠠ ᠰᠡᠬᠦᠯᠡᠷᠬᠢ 15 ᠡᠲᠦᠷ  ᠲᠤ ᠦᠨ᠎ᠡ ᠬᠠᠩᠰᠢ ᠳᠤ ᠲᠤᠬᠢᠷᠠᠭᠤᠯᠤᠯᠲᠠ ᠬᠢᠭᠰᠡᠨ ᠦᠷ᠎ᠡ ᠳ᠋ᠦᠩ ᠢᠶᠠᠨ ᠦᠪᠡᠷᠲᠡᠭᠡᠨ ᠵᠠᠰᠠᠬᠤ ᠤᠷᠤᠨ   ᠤ ᠡᠮ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶᠠᠨ ᠳᠤ  ᠬᠦᠷᠭᠡᠨ ᠮᠡᠲᠡᠬᠦᠯᠵᠦ  ᠲᠠᠩᠰᠠᠯᠠᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠬᠰᠠᠨ ᠡᠮ ᠡᠮᠨᠡᠯᠭᠡ ᠶᠢᠨ  ᠪᠠᠶᠢᠭᠤᠯᠤᠮᠵᠢ ᠶᠢᠨ ᠦᠨᠲᠦᠰᠦᠨ ᠡᠮ  ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢᠨ  ᠬᠦᠲᠡᠯᠦᠩᠭᠦᠢ ᠲᠤᠬᠢᠷᠠᠭᠤᠯᠤᠯᠲᠠ ᠶᠢ ᠰᠠᠭᠤᠵᠤ ᠪᠦᠬᠦᠢ ᠠᠶᠢᠮᠠᠭ ᠬᠤᠲᠠ ᠠᠴᠠ ᠨᠢᠭᠡᠲᠦᠯᠲᠡᠢ ᠬᠠᠮᠢᠶᠠᠷᠤᠨ᠎ᠠ᠃ http://mongol.people.com.cn/15827904.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号