ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠪᠤᠭᠤᠮᠲᠠ ᠰᠢᠪᠲᠤᠯᠬᠤ ᠤᠯᠠᠷᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/10/28
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ 10  ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠦᠨᠦᠬᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠪᠣᠭᠤᠮᠲᠠ ᠰᠢᠪᠲᠤᠯᠬᠤ ᠤᠯᠠᠷᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠡᠭᠦᠨ ᠳᠤ᠂ ᠭᠤᠤᠯᠳᠠᠯᠭ᠎ᠠ ᠲᠠᠢ ᠬᠠᠮᠳᠤ ᠤᠯᠠᠭᠤᠯᠠ ᠶᠢᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠥᠪᠯᠡᠷᠡᠭᠦᠯᠦᠨ ᠬᠠᠪᠰᠤᠷᠤᠨ ᠲᠡᠳᠭᠦᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠥᠷᠪᠡᠳᠦᠭᠡᠷ ᠤᠯᠠᠷᠢᠯ ᠳᠤ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠪᠣᠭᠤᠮᠲᠠ ᠰᠢᠪᠲᠤᠯᠬᠤ ᠤᠯᠠᠷᠢᠯ ᠤᠨ ᠠᠵᠢᠯᠯᠠᠭ᠎ᠠ ᠶᠠᠪᠤᠭᠤᠯᠤᠨ᠎ᠠ ᠭᠡᠵᠦ ᠲᠣᠳᠣᠷᠬᠠᠶ ᠲᠣᠭᠲᠠᠭᠠᠵᠠᠶ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭᠠᠨ ᠤ ᠦᠢᠯᠡᠴᠢᠯᠡᠬᠦ ᠨᠢᠭᠤᠷᠯᠠᠯ ᠪᠣᠯ᠄ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠳᠠᠩᠰᠠᠯᠠᠵᠦ ᠺᠠᠷᠲᠯᠠᠭᠤᠯᠤᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠪᠣᠯᠤᠨ᠎ᠠ᠃ ᠠᠵᠢᠯᠯᠠᠭᠠᠨ ᠤ ᠬᠠᠷᠠᠯᠲᠠ ᠶᠣᠰᠣᠭᠠᠷ᠂  ᠦᠪᠤᠷ ᠮᠤᠩᠭᠤᠯ ᠣᠷᠣᠨ 3 ᠰᠠᠷ᠎ᠠ ᠶᠢᠨ ᠴᠠᠭ ᠢ ᠲᠥᠪᠯᠡᠷᠡᠭᠦᠯᠦᠨ ᠠᠰᠢᠭᠯᠠᠵᠦ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠵᠦ᠂ ᠠᠵᠢᠯ ᠠᠯᠳᠠᠭᠰᠠᠳ ᠢ ᠳᠠᠩᠰᠠᠯᠠᠬᠤ ᠪᠠ ᠠᠵᠢᠯ ᠡᠷᠢᠵᠦ ᠦᠢᠯᠡᠰ ᠪᠣᠰᠬᠠᠬᠤ ᠦᠢᠯᠡᠴᠢᠯᠡᠭᠡᠨ ᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠠᠵᠢᠯ ᠤᠯᠭᠤᠵᠦ ᠦᠢᠯᠡᠰ ᠪᠣᠰᠬᠠᠬᠤ ᠪᠦᠬᠦ ᠶᠠᠪᠤᠴᠠ ᠶᠢ ᠬᠠᠮᠤᠷᠤᠭᠰᠠᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠬᠤᠪᠢᠶᠠᠨ ᠵᠢᠯᠣᠭᠤᠳᠴᠤ᠂ ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠳᠡᠭᠡᠳᠤ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠠᠮᠳᠤ ᠤᠯᠠᠭᠤᠯᠠ ᠳᠤ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠦᠢᠯᠡᠴᠢᠯᠡᠭᠡᠨ ᠤ ᠳᠡᠮᠵᠢᠯᠭᠡ ᠬᠦᠷᠲᠡᠭᠡᠵᠡᠶ᠃    ᠡᠯ᠎ᠡ ᠲᠥᠷᠥᠯ ᠤᠨ ᠭᠤᠤᠯᠳᠠᠯᠭ᠎ᠠ ᠲᠠᠢ ᠬᠠᠮᠳᠤ ᠤᠯᠠᠭᠤᠯᠠ ᠶᠢᠨ ᠣᠨᠴᠠᠯᠢᠭ ᠢ ᠦᠨᠳᠦᠰᠦᠯᠡᠨ᠂ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠬᠠᠨᠳᠤᠯᠭᠠᠲᠤ ᠴᠢᠨᠠᠷᠲᠠᠶ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠪᠠ᠃ ᠡᠭᠦᠨ ᠳᠤ᠂ ᠳᠡᠭᠡᠳᠤ ᠰᠤᠷᠭᠠᠭᠤᠯᠢ ᠲᠡᠭᠦᠰᠦᠭᠰᠡᠨ ᠤᠶᠤᠲᠠᠳ ᠤᠨ ᠲᠠᠯ᠎ᠠ ᠪᠠᠷ᠂ ᠳᠡᠭᠡᠳᠤ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠭᠰᠠᠨ ᠠᠵᠢᠯ ᠣᠯᠭᠤᠬᠤ ᠠᠵᠢᠯ ᠤᠨ ᠪᠠᠶᠢᠷᠢ ᠬᠦᠷᠭᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠳᠡᠭᠡᠳᠤ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠣᠨᠴᠠᠯᠢᠭ ᠪᠠ ᠠᠵᠢᠯ  ᠣᠯᠭᠤᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠮᠡᠳᠡᠯᠭᠡ ᠶᠢᠨ ᠬᠡᠯᠪᠡᠷᠢ᠂ ᠮᠡᠷᠭᠡᠵᠢᠯ ᠤᠨ ᠬᠡᠯᠪᠡᠷᠢ᠂ ᠬᠠᠮᠢᠶᠠᠷᠤᠯᠲᠠ ᠶᠢᠨ ᠬᠡᠯᠪᠡᠷᠢ ᠵᠡᠷᠭᠡ ᠠᠵᠢᠯ ᠤᠨ ᠪᠠᠶᠢᠷᠢ ᠶᠢ ᠭᠤᠣᠯᠳᠠᠯᠭ᠎ᠠ ᠲᠠᠢ ᠬᠦᠷᠭᠡᠵᠦ᠂ ᠴᠢᠭᠯᠡᠭᠦᠯᠬᠦ ᠴᠢᠨᠠᠷᠲᠠᠶ ᠠᠵᠢᠯ ᠮᠡᠷᠭᠡᠵᠢᠯ ᠤᠨ ᠵᠢᠯᠣᠭᠤᠳᠤᠯᠭ᠎ᠠ ᠪᠣᠯᠤᠨ ᠬᠥᠮᠦᠨ ᠠᠵᠢᠯ ᠤᠨ ᠪᠠᠶᠢᠷᠢ ᠶᠢᠨ ᠲᠤᠬᠢᠷᠠᠭᠤᠯᠤᠯᠲᠠ ᠶᠢ ᠲᠥᠪᠯᠡᠷᠡᠭᠦᠯᠦᠨ ᠥᠷᠨᠢᠭᠦᠯᠵᠦ᠂ ᠭᠤᠤᠯᠳᠠᠭᠤ  ᠬᠡᠯᠪᠡᠷᠢᠵᠢᠭᠦᠯᠬᠦ᠂ ᠲᠤᠰᠬᠠᠶᠢᠵᠢᠭᠤᠯᠬᠤ  ᠪᠠ ᠠᠵᠢᠯ ᠲᠥᠷᠥᠯ ᠤᠨ ᠲᠠᠯ᠎ᠠ ᠪᠠᠷ ᠤᠷᠢᠬᠤ ᠬᠡᠯᠪᠡᠷᠢ ᠶᠢ ᠠᠪᠴᠤ᠂ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠲᠠᠯ᠎ᠠ ᠪᠠᠷ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠡᠷᠦᠬᠡ ᠠᠮᠠ ᠶᠢᠨ ᠪᠠᠶᠢᠭ᠎ᠠ ᠭᠠᠵᠠᠷ᠂ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ᠂ ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠠᠵᠢᠯ ᠠᠯᠳᠠᠭᠰᠠᠨ ᠢᠶᠠᠨ ᠳᠠᠩᠰᠠᠯᠠᠭᠤᠯᠬᠤ ᠶᠢ ᠵᠥᠪᠰᠢᠶᠡᠷᠡᠵᠦ᠂ ᠲᠣᠰ ᠭᠠᠵᠠᠷ ᠤᠨ ᠰᠠᠭᠤᠭᠠᠯᠢ ᠠᠷᠠᠳ ᠲᠠᠢ ᠠᠳᠠᠯᠢᠬᠠᠨ ᠣᠯᠠᠨ ᠨᠡᠶᠢᠲᠡ ᠶᠢᠨ ᠠᠵᠢᠯ  ᠤᠯᠬᠤ  ᠦᠢᠯᠡᠴᠢᠯᠡᠭᠡ ᠶᠢ ᠬᠦᠷᠲᠡᠭᠡᠨ᠎ᠡ︔ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠣᠨᠴᠠᠯᠢᠭ ᠢ ᠦᠨᠳᠦᠰᠦᠯᠡᠨ᠂ ᠠᠵᠢᠯ ᠣᠯᠭᠤᠬᠤ ᠠᠵᠢᠯ ᠤᠨ ᠪᠠᠶᠢᠷᠢ ᠶᠢ ᠲᠥᠷᠥᠯ ᠬᠤᠪᠢᠶᠠᠨ ᠰᠣᠩᠭᠤᠵᠤ᠂ ᠠᠶᠠᠨᠳᠠᠭᠠᠨ ᠪᠤᠶ ᠪᠣᠯᠤᠭᠰᠠᠨ ᠰᠤᠯᠠ ᠬᠦᠴᠦᠨ ᠤ ᠵᠠᠬ᠎ᠠ ᠳᠡᠯᠭᠡᠭᠦᠷ᠂ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠣᠯᠠᠨ ᠨᠡᠶᠢᠲᠡ ᠶᠢᠨ ᠠᠵᠢᠯ ᠤᠯᠭᠤᠬᠤ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠤᠨᠢᠨ ᠳᠡᠭᠡᠷ᠎ᠡ ᠨᠢ  ᠬᠦᠷᠭᠡᠵᠦ᠂ ᠨᠢᠭᠤᠷᠳᠠᠨ ᠠᠵᠢᠯ ᠣᠯᠭᠤᠬᠤ ᠦᠢᠯᠡᠴᠢᠯᠡᠭᠡ ᠬᠠᠩᠭᠠᠨ᠎ᠠ᠃ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠲᠠᠯ᠎ᠠ ᠪᠠᠷ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠵᠣᠯᠭᠠᠭᠤᠯᠬᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠬᠠᠩᠭᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠮᠡᠳᠡᠭᠡ ᠵᠠᠩᠭᠢ ᠶᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠠᠵᠢᠯ ᠤᠨ ᠪᠠᠶᠢᠷᠢ ᠳᠤ ᠪᠠᠶᠢᠭ᠎ᠠ ᠳᠠᠭᠠᠭᠤᠯᠤᠭᠴᠢ ᠠᠵᠤ ᠠᠬᠤᠶᠢᠯᠠᠯ ᠤᠨ ᠲᠣᠭᠲᠠᠭᠤᠨ ᠠᠵᠢᠯ ᠤᠨ ᠪᠠᠶᠢᠷᠢ ᠶᠢ ᠤᠷᠢᠳᠠᠪᠠᠷ ᠦᠯᠡᠳᠡᠭᠡᠨ ᠬᠡᠷᠡᠭᠯᠡᠵᠦ᠂ ᠠᠵᠢᠯ ᠠᠯᠳᠠᠭᠰᠠᠳ ᠲᠤ ᠤᠷᠢᠳ ᠢᠶᠠᠷ ᠠᠵᠢᠯ ᠤᠨ ᠪᠠᠶᠢᠷᠢ ᠰᠣᠯᠢᠬᠤ ᠦᠢᠯᠡᠴᠢᠯᠡᠭᠡ ᠬᠠᠩᠭᠠᠵᠤ᠂ ᠨᠢᠭᠡ ᠭᠠᠷᠠᠭ ᠤᠨ ᠳᠣᠲᠣᠷ᠎ᠠ ᠳᠠᠬᠢᠨ ᠠᠵᠢᠯ ᠤᠯᠬᠤ ᠶᠢ  ᠪᠡᠶᠡᠯᠡᠭᠦᠯᠦᠨ᠎ᠡ︔ ᠭᠠᠳᠠᠭᠰᠢ ᠭᠠᠷᠴᠤ ᠠᠵᠢᠯ ᠬᠢᠵᠦ ᠪᠠᠶᠢᠭ᠎ᠠ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠨᠤᠲᠤᠭ ᠲᠠᠭᠠᠨ ᠬᠠᠷᠢᠵᠦ ᠪᠠᠶᠢᠭ᠎ᠠ ᠪᠠᠶᠢᠳᠠᠯ ᠢ ᠬᠥᠳᠡᠯᠦᠩᠭᠦᠶ ᠪᠠᠷ ᠬᠢᠨᠠᠨ ᠪᠠᠶᠢᠴᠠᠭᠠᠵᠦ᠂ ᠨᠤᠲᠤᠭ ᠲᠠᠭᠠᠨ ᠪᠤᠴᠠᠵᠤ  ᠪᠠᠶᠢᠭ᠎ᠠ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ ᠨᠤᠲᠤᠭ ᠲᠠᠭᠠᠨ  ᠪᠤᠴᠠᠪᠠᠯ ᠨᠢᠭᠡ ᠰᠠᠷ᠎ᠠ ᠶᠢᠨ ᠳᠣᠲᠣᠷ᠎ᠠ ᠤᠶᠢᠷ᠎ᠠ ᠬᠠᠪᠢ ᠳ᠋ᠠᠭᠠ ᠠᠵᠢᠯ ᠣᠯᠬᠤ ᠲᠣᠬᠢᠶᠠᠯ ᠣᠯᠭᠤᠬᠤ ᠶᠢ ᠦᠨᠡᠨᠬᠦ ᠪᠠᠲᠤᠯᠠᠨ᠎ᠠ᠃ ᠠᠵᠢᠯ ᠠᠯᠳᠠᠭᠰᠠᠳ ᠤᠨ ᠲᠠᠯ᠎ᠠ ᠪᠠᠷ᠂ 3 ᠠᠵᠢᠯᠯᠠᠬᠤ ᠡᠳᠦᠷ ᠤᠨ ᠳᠣᠲᠣᠷ᠎ᠠ ᠠᠵᠢᠯ ᠠᠯᠳᠠᠭᠰᠠᠨ ᠢᠶᠠᠨ  ᠳᠠᠩᠰᠠᠯᠠᠭᠤᠯᠬᠤ ᠭᠤᠶᠤᠴᠢᠯᠠᠯ ᠢ ᠭᠦᠢᠴᠡᠳᠭᠡᠵᠦ ᠳᠠᠭᠤᠰᠬᠠᠬᠤ ᠬᠡᠷᠡᠭᠲᠡᠶ︔ ᠠᠵᠢᠯ ᠣᠯᠭᠤᠯᠲᠠ ᠦᠢᠯᠡᠰ ᠪᠣᠰᠬᠠᠯᠲᠠ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠪᠡᠯ᠂ ᠲᠡᠭᠦᠨ ᠳᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠵᠤ᠂ ᠬᠠᠮᠵᠢᠯᠴᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠤᠶᠤᠴᠢᠯᠠᠵᠦ ᠦᠭᠭᠦᠨ᠎ᠡ︔ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠲᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠠᠵᠢᠯ ᠠᠯᠳᠠᠭᠰᠠᠳ ᠤᠨ ᠨᠥᠬᠦᠪᠥᠷᠢ ᠮᠥᠩᠭᠦ᠂ ᠨᠢᠭᠡ ᠯᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ᠂ ᠲᠦᠷ ᠴᠠᠭ ᠤᠨ ᠠᠮᠢᠳᠤᠷᠠᠯ ᠤᠨ ᠨᠥᠬᠦᠪᠥᠷᠢ ᠵᠡᠷᠭᠡ ᠠᠵᠢᠯ ᠠᠯᠳᠠᠭᠰᠠᠳ ᠤᠨ ᠳᠠᠭᠠᠳᠬᠠᠯ ᠤᠨ ᠬᠠᠷᠠᠭᠠᠯᠵᠠᠯ ᠢ ᠲᠦᠷᠭᠡᠨ ᠬᠦᠷᠲᠡᠭᠡᠵᠦ᠂ ᠳᠠᠭᠠᠳᠬᠠᠯ ᠳᠤ ᠤᠷᠤᠭᠰᠠᠨ ᠦᠭᠡᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠭᠰᠠᠨ ᠦᠭᠡᠢ ᠠᠮᠢᠳᠤᠷᠠᠯ ᠨᠢ ᠬᠦᠴᠢᠷᠳᠡᠯᠲᠡᠶ ᠬᠥᠮᠦᠰ ᠲᠤ ᠨᠢᠭᠡ ᠤᠳᠠᠭ᠎ᠠ ᠶᠢᠨ ᠴᠢᠨᠠᠷᠲᠠᠶ ᠲᠦᠷ ᠴᠠᠭ ᠠᠪᠤᠷᠠᠨ ᠲᠤᠰᠠᠯᠠᠬᠤ  ᠮᠦᠩᠭᠦ ᠲᠤᠬᠢᠷᠠᠭᠤᠯᠤᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠤᠨ ᠲᠠᠯ᠎ᠠ ᠪᠠᠷ᠂ ᠠᠵᠢᠯ ᠣᠯᠭᠤᠯᠲᠠ ᠳᠤ ᠲᠤᠰᠠᠯᠠᠮᠵᠢ ᠦᠵᠡᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠠᠵᠢᠯ ᠣᠯᠭᠤᠬᠤ ᠳᠤ ᠦᠨᠡᠨᠬᠦ ᠬᠦᠴᠢᠷᠲᠡᠶ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠷ ᠳᠠᠮᠵᠢᠭᠤᠯᠤᠨ ᠦᠨᠳᠦᠰᠦᠨ ᠵᠥᠢᠯ ᠢ ᠪᠠᠲᠤᠯᠠᠵᠤ ᠲᠥᠪᠬᠢᠨᠡᠭᠦᠯᠬᠦ ᠬᠡᠷᠡᠭᠲᠡᠶ᠃http://mongol.people.com.cn/15827906.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号