ᠬᠥᠬᠡᠬᠤᠲᠠ ᠶᠢᠨ ᠪᠦᠰᠡᠭᠦᠢ ᠭᠠᠷ ᠤᠷᠠᠯᠠᠯ ᠤᠨ ᠠᠵᠤ ᠣᠶᠢᠯᠡᠰ ᠤᠨ ᠬᠥᠭᠵᠢᠯᠲᠡ ᠶᠢᠨ ᠬᠤᠯᠪᠣᠭ᠎ᠠ ᠡᠬᠢᠯᠡᠪᠡ
ᠨᠡᠶᠢᠲᠡᠯᠡᠭᠰᠡᠨ ᠴᠠᠭ᠄
2020/10/28
        ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠮᠧᠶ︶ 10 ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭ᠎ᠠ  ᠭᠤᠤᠯᠯᠠᠨ  ᠡᠷᠬᠢᠯᠡᠵᠦ᠂ ᠥᠪᠥᠷ ᠮᠣᠩᠭᠤᠯ ᠤᠨ ᠮᠧᠩ ᠶᠤᠸᠠᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠨ ᠡᠷᠭᠢᠯᠡᠭᠰᠡᠨ ᠬᠥᠬᠡᠬᠤᠲᠠ ᠶᠢᠨ ᠪᠦᠰᠡᠭᠦᠢ ᠭᠠᠷ ᠤᠷᠠᠯᠠᠯ ᠤᠨ ᠠᠵᠤ ᠣᠶᠢᠯᠡᠰ ᠤᠨ ᠬᠥᠭᠵᠢᠯᠲᠡ ᠶᠢᠨ ᠬᠤᠯᠪᠣᠭᠠᠨ ᠤ ᠡᠬᠢᠯᠡᠯᠲᠡ ᠶᠢᠨ ᠶᠣᠰᠣᠯᠠᠯ ᠰᠢᠨ᠎ᠡ ᠬᠤᠲᠠ ᠲᠣᠭᠤᠷᠢᠭ ᠲᠤ ᠶᠠᠪᠤᠭᠳᠠᠪᠠ᠃ ᠡᠬᠢᠯᠡᠬᠦ ᠶᠣᠰᠣᠯᠠᠯ ᠠᠴᠠ ᠡᠮᠦᠨ᠎ᠡ᠂ ︽ᠬᠥᠬᠡᠬᠤᠲᠠ ᠶᠢᠨ  ᠪᠦᠰᠡᠭᠦᠢ ᠠᠵᠢᠯᠯᠠᠭᠠᠨ ᠤ ᠲᠥᠯᠥᠪᠯᠡᠭᠡ︾ ᠶᠢᠨ 2020 ᠣᠨ ᠤ ᠭᠠᠷ ᠤᠷᠠᠯᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ  ᠶᠢᠨ ᠪᠣᠯᠪᠠᠰᠤᠷᠠᠯ ᠤᠨ ᠳ᠋ᠦᠩᠨᠡᠯᠲᠡ ᠶᠢᠨ ᠬᠤᠷᠠᠯ ᠬᠢᠵᠦ᠂ ᠪᠣᠯᠪᠠᠰᠤᠷᠠᠯ ᠤᠨ ᠳᠤᠮᠳᠠ ᠢᠯᠡᠷᠡᠯ ᠰᠠᠶᠢᠲᠠᠢ 20 ᠰᠢᠯᠢᠳᠡᠭ ᠰᠤᠷᠤᠭᠴᠢ ᠶᠢ ᠬᠥᠬᠢᠭᠦᠯᠦᠨ ᠰᠠᠶᠢᠰᠢᠶᠠᠪᠠ᠃     ᠡᠬᠢᠯᠡᠯᠲᠡ ᠶᠢᠨ ᠶᠣᠰᠣᠯᠠᠯ ᠳᠤ ︽ᠬᠥᠬᠡᠬᠤᠲᠠ ᠶᠢᠨ ᠪᠦᠰᠡᠭᠦᠢ ᠭᠠᠷ ᠤᠷᠠᠯᠠᠯ ᠤᠨ ᠠᠵᠤ ᠦᠢᠯᠡᠰ ᠤᠨ ᠭᠦᠭᠵᠢᠯᠳᠡ ᠶᠢᠨ ᠬᠤᠯᠪᠣᠭ᠎ᠠ ᠶᠢ ᠪᠠᠶᠢᠭᠤᠯᠬᠤ ᠲᠤᠬᠠᠢ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶ ᠢ ᠣᠩᠰᠢᠨ ᠨᠡᠶᠢᠳᠡᠯᠡᠪᠡ᠃ ︽ᠲᠣᠭᠲᠠᠭᠠᠯ︾ ᠳᠤ᠂ ᠪᠦᠰᠡᠭᠦᠢ ᠭᠠᠷ ᠤᠷᠠᠯᠠᠯ ᠠᠵᠤ ᠦᠢᠯᠡᠰ ᠤᠨ ᠰᠠᠭᠤᠷᠢᠨ ᠭᠠᠵᠠᠷ ᠢᠶᠠᠷ ᠲᠠᠪᠴᠠᠩ ᠪᠣᠯᠭᠠᠵᠤ᠂ ᠦᠨᠳᠦᠰᠦᠨ ᠱᠠᠲᠤᠨ ᠤ ᠭᠠᠷ ᠣᠶᠢᠯᠡᠳᠪᠣᠷᠢ ᠶᠢᠨ ᠣᠶᠢᠯᠡᠳᠬᠡᠯ ᠢᠶᠠᠷ ᠭᠤᠤᠯ ᠴᠣᠭᠴᠠ ᠪᠣᠯᠭᠠᠵᠤ᠂ ᠲᠦᠮᠡᠳ ᠵᠡᠭᠦᠨ ᠬᠤᠰᠢᠭᠤ ᠶᠢᠨ ᠪᠠᠭᠰᠢ ᠶᠢᠨ ᠪᠠᠶᠢᠰᠢᠩ ᠭᠠᠷ ᠤᠷᠠᠯᠠᠯ ᠤᠨ ᠪᠦᠳᠦᠭᠡᠭᠳᠡᠭᠦᠨ ᠤ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ 13 ᠠᠵᠤ ᠠᠬᠤᠶᠢᠯᠠᠯ ᠢ ︽ᠬᠥᠬᠡᠬᠤᠲᠠ ᠶᠢᠨ ᠪᠦᠰᠡᠬᠦᠢ ᠭᠠᠷ ᠤᠷᠠᠯᠠᠯ ᠤᠨ ᠦᠢᠯᠡᠳᠭᠡᠯ︾ ᠢᠶᠠᠷ ᠨᠡᠷᠡᠶᠢᠳᠴᠤ᠂ ᠪᠠᠰᠠ 8 ᠠᠵᠤ ᠠᠬᠤᠶᠢᠯᠠᠯ ᠢ ︽ᠬᠥᠬᠡᠬᠤᠲᠠ ᠶᠢᠨ ᠪᠦᠰᠡᠭᠦᠢ ᠭᠠᠷ ᠤᠷᠠᠯᠠᠯ ᠤᠨ ᠠᠵᠤ ᠦᠢᠯᠡᠰ ᠤᠨ ᠰᠠᠭᠤᠷᠢᠨ ᠭᠠᠵᠠᠷ︾᠂ ᠥᠪᠥᠷ ᠮᠣᠩᠭᠤᠯ ᠤᠨ ᠮᠧᠩ ᠶᠤᠸᠠᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ︽ᠬᠥᠬᠡᠬᠤᠲᠠ ᠶᠢᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢᠶᠠᠷ ᠢᠯᠡᠷᠬᠡᠶᠢᠯᠡᠯ ᠣᠯᠭᠤᠵᠤ ᠬᠥᠬᠢᠭᠦᠯᠦᠨ ᠰᠠᠶᠢᠰᠢᠶᠠᠪᠠ᠃ ᠡᠳᠡᠭᠡᠷ ᠭᠠᠷ ᠤᠷᠠᠯᠠᠯ ᠤᠨ ᠣᠶᠢᠯᠡᠳᠬᠡᠯ ᠪᠠ ᠰᠠᠭᠤᠷᠢᠨ ᠭᠠᠵᠠᠷ ᠢᠶᠠᠷ ᠭᠤᠤᠯᠯᠠᠭᠴᠢ ᠬᠦᠴᠦᠨ ᠪᠣᠯᠭᠠᠵᠤ᠂ ︽ᠬᠥᠬᠡᠬᠤᠲᠠ ᠶᠢᠨ ᠪᠦᠰᠡᠭᠦᠢ ᠭᠠᠷ ᠤᠷᠠᠯᠠᠯ ᠤᠨ ᠠᠵᠤ ᠣᠶᠢᠯᠡᠰ ᠤᠨ ᠬᠥᠭᠵᠢᠯᠲᠡ ᠶᠢᠨ ᠬᠤᠯᠪᠣᠭ᠎ᠠ︾ ᠶᠢ ᠪᠠᠶᠢᠭᠤᠯᠤᠭᠰᠠᠨ ᠶᠤᠮ᠃      ᠳᠠᠷᠠᠭ᠎ᠠ ᠠᠯᠬᠤᠮ ᠳᠤ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠲᠥᠪ ᠬᠤᠲᠠ ᠶᠢᠨ ᠡᠮᠡᠭᠲᠡᠶ ᠣᠯᠠᠨ ᠲᠦᠮᠡᠨ ᠢ ᠲᠠᠶᠢᠴᠢᠯᠠᠨ ᠵᠣᠬᠢᠶᠠᠨ ᠪᠠᠶᠢᠭᠤᠯᠵᠤ᠂ ᠪᠦᠯᠬᠦᠮᠳᠡᠭᠦᠯᠵᠦ᠂ ᠡᠮᠡᠭᠲᠡᠶᠢᠴᠦᠳ ᠤᠨ ᠬᠦᠴᠦᠨ ᠢ  ᠨᠢᠭᠳᠠᠷᠠᠭᠤᠯᠵᠤ᠂ ᠠᠵᠢᠯ ᠲᠥᠷᠥᠯ ᠤᠨ ᠲᠠᠪᠴᠠᠩ ᠢ ᠪᠠᠶᠢᠭᠤᠯᠵᠤ᠂ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠢᠳᠡᠪᠬᠢᠲᠡᠢ  ᠠᠬᠢᠭᠤᠯᠵᠣ᠂ ᠦᠨᠳᠦᠰᠦᠲᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ  ᠪᠠᠷ ᠳᠠᠮᠵᠢᠨ᠂ ᠣᠷᠣᠨ ᠤ ᠲᠥᠪ ᠬᠤᠲᠠ ᠶᠢᠨ ᠡᠮᠡᠭᠲᠡᠶᠢᠴᠦᠳ ᠤᠨ ᠭᠡᠷ ᠲᠡᠭᠡᠨ ᠰᠠᠭᠤᠵᠤ ᠪᠠᠶᠢᠭᠠᠳ ᠠᠮᠢᠳᠤᠯᠢᠭ ᠢᠶᠠᠷ ᠠᠵᠢᠯ ᠣᠯᠬᠤ ᠠᠰᠢᠭᠲᠠᠢ ᠣᠷᠴᠢᠨ ᠲᠣᠭᠤᠷᠢᠨ ᠢ ᠪᠤᠢ ᠪᠣᠯᠭᠠᠵᠤ᠂ ᠡᠮᠡᠭᠲᠡᠶᠢᠴᠦᠳ ᠤᠨ ᠠᠮᠢᠳᠤᠯᠢᠭ ᠢᠶᠠᠷ ᠠᠵᠢᠯ ᠣᠯᠵᠤ ᠦᠢᠯᠡᠰ ᠪᠣᠰᠬᠠᠵᠤ ᠣᠷᠣᠯᠭ᠎ᠠ ᠪᠠᠨ ᠨᠡᠮᠡᠭᠳᠡᠬᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠡᠮᠡᠭᠲᠡᠶᠢᠴᠦᠳ ᠢ ᠳᠠᠭᠠᠭᠤᠯᠤᠨ ᠠᠵᠢᠯᠴᠢ ᠬᠤᠶᠠᠷ ᠭᠠᠷ ᠪᠠ ᠣᠶᠤᠨ ᠤᠬᠠᠭᠠᠨ ᠢᠶᠠᠷ ᠰᠠᠶᠢᠨ ᠰᠠᠶᠢᠬᠠᠨ ᠵᠣᠯ ᠵᠢᠷᠭᠠᠯᠲᠤ ᠠᠮᠢᠳᠣᠷᠠᠯ ᠢᠶᠠᠨ ᠴᠣᠭᠴᠠᠯᠠᠨ ᠪᠠᠶᠢᠭᠤᠯᠵᠤ᠂ ᠰᠢᠨ᠎ᠡ ᠡᠭᠦᠳᠦᠯᠳᠤ ᠲᠦᠪ ᠬᠤᠲᠠ᠂ ᠠᠮᠢ ᠠᠬᠤᠶᠢᠳᠤ ᠲᠦᠪ ᠬᠤᠲᠠ᠂ ᠴᠢᠨᠠᠷ ᠴᠢᠨᠰᠠᠭᠠᠳᠤ ᠲᠦᠪ ᠬᠤᠲᠠ᠂ ᠵᠣᠯ ᠵᠢᠷᠭᠠᠯᠳᠤ ᠲᠦᠪ ᠬᠤᠲᠠ᠂ ᠰᠤᠶᠤᠯᠳᠤ ᠲᠦᠪ ᠬᠤᠲᠠ ᠶᠢ ᠪᠥᠲᠥᠭᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠨ ᠤ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠡᠮᠡᠭᠲᠡᠶᠢᠴᠦᠳ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃http://mongol.people.com.cn/15827907.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号