ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠡᠨᠡ ᠡᠪᠦᠯ ᠠᠴᠠ 5 ᠬᠤᠳᠠ ᠳᠤ ᠰᠢᠨ᠎ᠡ ᠪᠠᠷ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦᠯᠬᠦ ᠪᠠᠷ ᠪᠤᠢ
ᠨᠡᠶᠢᠲᠡᠯᠡᠭᠰᠡᠨ ᠴᠠᠭ᠄
2020/10/28
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠸᠠᠨ︶ 10 ᠰᠠᠷ᠎ᠠ ᠶᠢᠨ 25 ᠤ ᠡᠳᠦᠷ ᠠᠴᠠ ᠡᠬᠢᠯᠡᠵᠦ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠵᠥᠭᠡᠭᠡᠪᠦᠷᠢ ᠶᠢᠨ ᠬᠤᠭᠤᠴᠠᠭᠠᠨ ᠳᠤ ᠤᠷᠤᠵᠦ᠂ ᠳᠠᠷᠠᠭ᠎ᠠ ᠵᠢᠯ ᠤᠨ 3 ᠰᠠᠷ᠎ᠠ ᠶᠢᠨ 27 ᠤ ᠡᠳᠦᠷ ᠪᠣᠯᠲᠠᠯ᠎ᠠ ᠨᠡᠶᠢᠳᠡ 153 ᠡᠳᠦᠷ ᠤᠨ ᠬᠤᠭᠤᠴᠠᠭ᠎ᠠ ᠲᠠᠢ ᠶᠠᠪᠤᠬᠳᠠᠬᠤ ᠪᠣᠯᠣᠨ᠎ᠠ᠃      ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠵᠥᠭᠡᠭᠡᠪᠦᠷᠢ ᠶᠢᠨ ᠬᠤᠭᠤᠴᠠᠭᠠᠨ ᠳᠤ᠂ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠭᠠᠷᠠᠬ ᠲᠤ 2144 ᠡᠬᠡᠯᠵᠢ ᠶᠢᠨ ᠨᠢᠰᠬᠡᠯ ᠨᠢᠰᠬᠡᠬᠦ ᠪᠠᠷ ᠲᠦᠯᠦᠪᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠤᠯᠤᠰ ᠤᠨ ᠲᠤᠳᠤᠭᠠᠳᠤ ᠶᠢᠨ ᠠᠭᠠᠷ ᠤᠨ ᠠᠶᠠᠯᠠᠯ ᠤᠨ ᠱᠤᠭᠤᠮ ᠢ 117 ᠵᠤᠷᠪᠤᠰ ᠲᠤ ᠬᠦᠷᠬᠡᠬᠦ ᠪᠠᠷ ᠲᠦᠯᠦᠪᠯᠡᠵᠦ᠂ ᠤᠯᠤᠰ ᠤᠨ ᠲᠤᠳᠤᠭᠠᠳᠤ ᠶᠢᠨ 78 ᠬᠤᠳᠠ ᠳᠤ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦᠯᠬᠦ ᠪᠠᠷ ᠲᠦᠯᠦᠪᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7 ᠨᠡᠮᠡᠭᠳᠡᠵᠦ᠂ ᠤᠯᠤᠰ ᠤᠨ ᠲᠤᠳᠤᠭᠠᠳᠤ ᠶᠢᠨ ᠰᠢᠭᠤᠳ ᠨᠢᠰᠴᠤ ᠬᠦᠷᠬᠦ ᠬᠤᠳᠠ ᠶᠢᠨ ᠲᠤᠭ᠎ᠠ ᠶᠢ 63 ᠳᠤ ᠬᠦᠷᠬᠡᠨ᠂ ᠦᠪᠡᠷᠳᠡᠬᠡᠨ ᠵᠠᠰᠠᠬᠤ ᠤᠷᠤᠨ ᠤ ᠭᠠᠳᠠᠨᠠᠬᠢ 36 ᠬᠤᠲᠠ ᠪᠠ ᠥᠪᠡᠷᠲᠡᠭᠡᠨ ᠵᠠᠰᠠᠬᠤ ᠣᠷᠣᠨ ᠤ ᠲᠤᠳᠤᠨᠠᠬᠢ 4 ᠬᠤᠳᠠ ᠳᠤ ᠨᠡᠪᠲᠡᠷᠡᠬᠦ ᠨᠢᠰᠬᠡᠯ ᠤᠨ ᠡᠭᠡᠯᠵᠢ ᠶᠢᠨ ᠲᠤᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ ᠡᠨᠡ ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠵᠦᠬᠡᠬᠡᠪᠦᠷᠢ ᠶᠢᠨ ᠬᠤᠭᠤᠴᠠᠭᠠᠨ ᠳᠤ᠂ ᠲᠤᠰ ᠨᠢᠰᠬᠡᠯ ᠤᠨ ᠪᠠᠭᠤᠳᠠᠯ ᠪᠠᠰᠠ ᠭᠤᠤᠯ ᠱᠤᠭᠤᠮ ᠤᠨ ᠠᠭᠠᠷ ᠤᠨ ᠠᠶᠠᠯᠠᠯ ᠤᠨ ᠱᠤᠭᠤᠮ ᠲᠣᠣᠷ ᠢᠶᠠᠨ ᠦᠷᠭᠦᠯᠵᠢᠯᠡᠨ ᠰᠢᠯᠢᠳᠡᠭᠵᠢᠬᠦᠯᠵᠦ᠂ ᠬᠤᠪᠧᠢ ᠶᠢᠨ ᠰᠢᠶᠠᠩᠶᠠᠩ᠂ ᠭᠤᠧᠠᠩᠳᠦ᠋ᠩ ᠤᠨ ᠵᠠᠨᠵᠢᠶᠠᠩ ᠂ ᠱᠠᠨᠳᠦ᠋ᠩ ᠤᠨ ᠸᠧᠢᠢᠬᠠᠢ᠂ ᠰᠢᠨᠵᠢᠶᠠᠩ ᠤᠨ ᠲᠦᠷᠫᠠᠨ᠂ ᠰᠢᠨᠵᠢᠶᠠᠨᠩ ᠤᠨ ᠠᠺᠰᠤ 5 ᠬᠤᠳᠠ ᠳᠤ ᠰᠢᠨ᠎ᠡ ᠪᠠᠷ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦᠯᠵᠦ᠂ ᠬᠤᠪᠧᠢ ᠶᠢᠨ ᠢᠴᠠᠩ᠂ ᠵᠢᠶᠠᠩᠰᠢ ᠶᠢᠨ ᠨᠠᠨᠴᠠᠩ᠂ ᠭᠤᠸᠠᠩᠰᠢ ᠶᠢᠨ ᠬᠦᠢᠯᠢᠨ᠂ ᠵᠢᠶᠠᠩᠰᠤ ᠶᠢᠨ ᠶᠠᠨᠴᠧᠩ᠂ ᠵᠢᠶᠠᠩᠰᠤ ᠶᠢᠨ ᠰᠢᠦ᠋ᠢᠵᠧᠤ᠂ ᠱᠠᠨ ᠰᠢ ᠶᠢᠨ ᠶᠦᠨᠴᠧᠩ᠂ ᠱᠠᠨ ᠰᠢ ᠶᠢᠨ ᠳ᠋ᠠᠲ᠋ᠦ᠋ᠩ᠂ ᠱᠠᠨ ᠰᠢ ᠶᠢᠨ ᠯᠢᠦ᠋ᠢᠯᠢᠶᠠᠩ᠂ ᠵᠧᠵᠢᠶᠠᠩ ᠤᠨ ᠨᠢᠩᠪᠦ᠋ᠸᠧ ᠳᠤ ᠨᠡᠪᠲᠡᠷᠡᠬᠦ 9 ᠠᠭᠠᠷ ᠤᠨ ᠠᠶᠠᠯᠠᠯ ᠤᠨ ᠱᠤᠭᠤᠮ ᠢ ᠰᠡᠷᠬᠦᠬᠡᠵᠦ᠂ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦ ᠴᠢᠳᠠᠪᠤᠷᠢ ᠪᠠᠨ ᠴᠢᠨᠠᠬᠰᠢᠳᠠ ᠲᠡᠭᠡᠭᠰᠢᠯᠡᠬᠦᠯᠦᠭᠰᠡᠨ ᠪᠠᠶᠢᠨ᠎ᠠ᠃      ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠵᠥᠭᠡᠭᠡᠪᠦᠷᠢ ᠶᠢᠨ ᠬᠤᠭᠤᠴᠠᠭᠠᠨ ᠳᠤ᠂ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ ᠪᠠᠭᠤᠳᠠᠯ ᠬᠦᠬᠡᠬᠤᠳᠠ ᠠᠴᠠ ᠦᠪᠡᠷᠳᠡᠬᠡᠨ ᠵᠠᠰᠠᠬᠤ ᠤᠷᠤᠨ ᠤ ᠲᠤᠳᠤᠨᠠᠬᠢ ᠡᠯ᠎ᠡ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠳᠤ ᠨᠡᠪᠲᠡᠷᠡᠬᠦ ᠠᠭᠠᠷ ᠤᠨ ᠠᠶᠠᠯᠠᠯ ᠤᠨ ᠱᠤᠭᠤᠮ ᠢᠶᠠᠨ ᠴᠢᠨᠠᠭᠰᠢᠳᠠ ᠨᠡᠮᠡᠭᠳᠡᠭᠦᠯᠵᠦ᠂ ᠡᠳᠦᠷ ᠲᠤᠮᠳᠠᠴᠢ ᠪᠠᠷ 62 ᠡᠬᠡᠯᠵᠢ ᠳᠤ ᠬᠦᠷᠬᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠡᠭᠡᠯᠵᠢ ᠨᠡᠮᠡᠭᠳᠡᠭᠰᠡᠨ ᠤ ᠳᠣᠲᠣᠷ᠎ᠠ᠂ ᠬᠡᠰᠡᠭ ᠥᠪᠡᠷᠲᠡᠭᠡᠨ ᠵᠠᠰᠠᠬᠤ ᠤᠷᠤᠨ ᠤ ᠲᠤᠳᠤᠨᠠᠬᠢ ᠨᠢᠰᠬᠡᠯ ᠤᠨ ᠪᠠᠭᠤᠳᠠᠯ ᠨᠢ ᠪᠠᠭ᠎ᠠ ᠬᠡᠯᠪᠡᠷᠢ ᠶᠢᠨ ᠠᠶᠠᠨᠴᠢᠨ ᠤ ᠨᠢᠰᠬᠡᠯ ᠢᠶᠠᠨ ᠲᠤᠮᠤ ᠬᠡᠯᠪᠡᠷᠢ ᠶᠢᠨ ᠠᠶᠠᠨᠴᠢᠨ ᠤ ᠨᠢᠰᠬᠡᠯ ᠪᠤᠯᠭᠠᠵᠤ ᠰᠤᠯᠢᠬᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ