ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ | ᠰᠤᠷᠪᠤᠯᠵᠢᠯᠠᠭᠴᠢ ᠬᠦᠬᠡᠬᠤᠲᠡ ᠶᠢᠨ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂ | ᠤᠶᠢᠷ᠎ᠠ ᠳᠤ᠂ ᠤᠯᠤᠰ ᠤᠨ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ ᠶᠠᠮᠤᠨ ᠬᠠᠮᠳᠤᠷᠠᠨ | ︽ᠤᠷᠳᠤ ᠤᠳᠠᠭᠠᠨ ᠰᠤᠪᠢᠯᠠᠬᠤ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠴᠢᠭ᠋ ᠢ ᠦᠷᠭᠡᠳᠭᠡᠬᠦ ᠲᠤᠬᠠᠢ | ᠵᠢᠯᠤᠭᠤᠳᠬᠤ ᠰᠠᠨᠠᠯ︾ ᠨᠡᠶᠢᠲᠡᠯᠡᠵᠦ᠂ ᠬᠦᠬᠡᠬᠤᠲᠡ ᠶᠢ ᠤᠯᠤᠰ ᠤᠨ ᠤᠷᠳᠤ ᠤᠳᠠᠭᠠᠨ ᠰᠤᠪᠢᠯᠠᠯᠲᠠ ᠶᠢᠨ | ᠳᠠᠭᠠᠳᠬᠠᠯ ᠤᠨ ᠲᠦᠷᠢᠮ ᠤᠨ ᠰᠢᠨ᠎ᠡ ᠨᠡᠮᠡᠭᠳᠡᠭᠰᠡᠨ 14 ᠲᠤᠷᠰᠢᠯᠲᠠ ᠶᠢᠨ ᠬᠤᠲᠠ ᠶᠢᠨ ᠨᠢᠭᠡ ᠪᠠᠷ ᠵᠢᠭᠰᠠᠭᠠᠵᠠᠢ᠂ | ᠡᠨᠡ ᠨᠢ ᠮᠥᠨ ᠴᠤ ᠦᠪᠣᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ ᠤᠷᠳᠤ ᠤᠳᠠᠭᠠᠨ | ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠬᠤᠲᠠ ᠪᠤᠯᠤᠨ᠎ᠠ᠃ | ᠤᠷᠳᠤ ᠤᠳᠠᠭᠠᠨᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠪᠠᠶᠢᠭᠤᠯᠬᠤ ᠪᠤᠯ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠦᠮᠤᠨ ᠠᠮᠠ ᠶᠢᠨ ᠨᠠᠰᠤᠵᠢᠯ ᠢ ᠠᠷᠭᠠᠴᠠᠬᠤ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠨᠢᠭᠡ ᠵᠥᠢᠯ ᠤᠨ ᠴᠢᠬᠤᠯᠠ ᠪᠠᠶᠢᠷᠢᠯᠠᠭᠤᠯᠤᠯᠲᠠ ᠪᠤᠯᠤᠨ᠎ᠠ᠃ | ᠤᠳᠤᠬᠠᠨ ᠳᠤ᠂ ᠬᠦᠬᠡᠬᠤᠲᠡ ᠶᠢᠨ 60 ᠨᠠᠰᠤ ᠠᠴᠠ ᠳᠡᠭᠡᠭᠰᠢᠬᠢ ᠨᠠᠰᠤᠲᠠᠶᠢᠴᠤᠳ 50 ᠲᠦᠮᠡ ᠠᠴᠠ ᠳᠡᠭᠡᠭᠰᠢ | ᠪᠠᠶᠢᠵᠦ᠂ ᠪᠦᠬᠦ ᠬᠤᠲᠠ ᠶᠢᠨ ᠡᠷᠦᠭᠡ ᠠᠮᠠ ᠲᠠᠢ ᠬᠦᠮᠤᠨ ᠤ 21% ᠤᠷᠴᠢᠮ ᠢ ᠡᠵᠡᠯᠡᠵᠦ ᠪᠠᠶᠢᠨ᠎ᠠ᠂ ᠪᠦᠷᠢᠳᠭᠡᠯ | ᠢ ᠦᠨᠳᠦᠰᠦᠯᠡᠪᠡᠯ᠂ ᠪᠦᠬᠦ ᠬᠤᠲᠠ ᠶᠢᠨ ᠠᠮᠢᠳᠤᠷᠠᠬᠤ ᠴᠢᠳᠠᠪᠤᠷᠢ ᠪᠠᠨ ᠬᠡᠴᠡᠭᠦᠦ ᠠᠯᠳᠠᠭᠰᠠᠳ 1.2 ᠲᠦᠮᠡᠨ | ᠬᠦᠮᠤᠨ ᠪᠠᠶᠢᠭ᠎ᠠ ᠠᠵᠠᠢ᠃ ᠮᠠᠨ ᠤ ᠬᠤᠲᠠ ᠨᠠᠰᠤᠵᠢᠯ ᠤᠨ ᠨᠡᠶᠢᠭᠡᠮ ᠳᠤ ᠲᠦᠷᠭᠡᠨ ᠤᠷᠤᠬᠤ ᠶᠢ ᠳᠠᠭᠠᠯᠳᠤᠨ᠂ | ᠴᠢᠳᠠᠪᠤᠷᠢ ᠪᠠᠨ ᠠᠯᠳᠠᠭᠰᠠᠳ ᠤᠨ ᠲᠤᠭ᠎ᠠ ᠤᠯᠠᠮ ᠨᠡᠮᠡᠭᠳᠡᠵᠦ᠂ ᠬᠦᠮᠤᠨ ᠠᠮᠠ ᠶᠢᠨ ᠨᠠᠰᠤᠵᠢᠯ ᠤᠨ ᠬᠡᠮᠵᠢᠶ᠎ᠡ ᠡᠳᠤᠷ | ᠢᠷᠡᠬᠦᠶ᠎ᠡ ᠰᠢᠷᠦᠭᠦᠰᠴᠤ᠂ ᠡᠭᠦᠨ ᠢ ᠳᠠᠭᠠᠯᠳᠤᠭᠠᠳ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠤᠷᠳᠤ | ᠬᠤᠭᠤᠴᠠᠭ᠎ᠠ ᠪᠠᠷ ᠰᠤᠪᠢᠯᠠᠬᠤ ᠬᠡᠷᠡᠭᠴᠡᠭᠡ ᠡᠳᠤᠷ ᠢᠷᠡᠬᠦᠶ᠎ᠡ ᠢᠯᠡᠷᠡᠭᠡᠢ ᠪᠤᠯᠵᠦ ᠪᠠᠶᠢᠬᠤ ᠮᠦᠷᠲᠡᠭᠡᠨ ᠭᠡᠷ ᠪᠦᠯᠢ ᠶᠢᠨ | ᠪᠦᠳᠦᠴᠡ ᠵᠢᠵᠢᠭᠷᠡᠬᠦ ᠪᠠ ᠭᠤᠤᠨᠢ ᠨᠠᠰᠤᠲᠠᠨ ᠤ ᠭᠡᠷ ᠪᠦᠯᠢ ᠤᠯᠠᠰᠢᠷᠠᠵᠦ᠂ ᠤᠯᠠᠮᠵᠢᠯᠠᠯᠳᠤ ᠠᠰᠠᠷᠠᠵᠦ ᠰᠤᠪᠢᠯᠠᠬᠤ | ᠬᠡᠪ ᠵᠠᠭᠪᠤᠷ ᠦᠷᠢᠰᠦᠯᠳᠦᠭᠡᠨ ᠳᠤ ᠲᠤᠯᠭᠠᠷᠠᠪᠠ᠃ ᠡᠭᠦᠨ ᠠᠴᠠ ᠭᠠᠳᠠᠨ᠎ᠠ᠂ ᠤᠶᠢᠷ᠎ᠠ ᠶᠢᠨ ᠵᠢᠯ ᠠᠴᠠ ᠠᠷᠬᠠᠭ | ᠡᠪᠡᠳᠴᠢᠨ᠂ ᠨᠠᠰᠤᠵᠢᠯ ᠤᠨ ᠡᠪᠡᠳᠴᠢᠨ ᠤ ᠡᠮᠨᠡᠯᠭᠡ ᠶᠢᠨ ᠵᠠᠷᠤᠳᠠᠯ ᠵᠢᠯ ᠳᠠᠷᠠᠭᠠᠯᠠᠨ ᠦᠰᠴᠤ᠂ ᠤᠳᠠᠭᠠᠨ | ᠰᠤᠪᠢᠯᠠᠬᠤ ᠠᠰᠠᠭᠤᠳᠠᠯ ᠨᠢ ︽ᠨᠡᠶᠢᠭᠡᠮᠴᠢ ᠴᠢᠨᠠᠷᠲᠠᠢ ᠡᠮᠨᠡᠯᠭᠡ ᠳᠤ ᠰᠠᠭᠤᠬᠤ︾ ᠦᠵᠡᠭᠳᠡᠯ ᠢ ᠨᠡᠶᠢᠲᠡᠮ ᠪᠤᠢ | ᠪᠤᠯᠭᠠᠵᠦ᠂ ᠬᠡᠰᠡᠭ ᠨᠠᠰᠤᠲᠠᠶᠢᠴᠤᠳ ᠡᠮᠨᠡᠭᠦᠯᠵᠦ ᠪᠠᠷᠠᠭᠰᠠᠨ ᠤ ᠰᠡᠭᠦᠯᠡᠷ ᠮᠥᠨ ᠯᠡ ᠡᠮᠨᠡᠯᠭᠡ ᠠᠴᠠ ᠰᠠᠯᠵᠦ ᠴᠢᠳᠠᠬᠤ | ᠦᠭᠡᠢ᠂ ᠡᠯ᠎ᠡ ᠵᠥᠢᠯ ᠤᠨ ᠠᠰᠠᠷᠠᠯᠲᠠ ᠰᠤᠪᠢᠯᠠᠯᠲᠠ ᠬᠡᠷᠡᠭᠴᠡᠭᠡ ᠲᠠᠢ ᠪᠠᠶᠢᠵᠦ᠂ ᠤᠳᠠᠭᠠᠨ ᠰᠤᠪᠢᠯᠠᠯᠲᠠ ᠶᠢᠨ | ᠬᠡᠷᠡᠭᠴᠡᠭᠡ ᠨᠡᠮᠡᠭᠳᠡᠬᠦ ᠪᠠ ᠤᠯᠠᠮᠵᠢᠯᠠᠯᠳᠤ ᠭᠡᠷ ᠪᠦᠯᠢ ᠶᠢᠨ ᠠᠰᠠᠷᠠᠯᠲᠠ ᠶᠢᠨ ᠴᠢᠳᠠᠪᠤᠷᠢ ᠪᠠᠭᠤᠷᠠᠭᠰᠠᠨ ᠠᠴᠠ ᠤᠷᠳᠤ | ᠤᠳᠠᠭᠠᠨ ᠠᠰᠠᠷᠠᠯᠲᠠ ᠰᠤᠪᠢᠯᠠᠯᠲᠠ ᠨᠢ ᠬᠤᠪᠢ ᠬᠦᠮᠤᠨ ᠪᠤᠯᠤᠨ ᠭᠡᠷ ᠪᠦᠯᠢ ᠶᠢᠨ ᠠᠷᠭᠠᠴᠠᠬᠤ ᠴᠢᠳᠠᠪᠤᠷᠢ ᠠᠴᠠ | ᠳᠠᠪᠠᠵᠦ᠂ ᠬᠤᠪᠢ ᠬᠦᠮᠤᠨ᠂ ᠭᠡᠷ ᠪᠦᠯᠢ᠂ ᠨᠡᠶᠢᠭᠡᠮ᠂ ᠤᠯᠤᠰ ᠭᠡᠷ ᠬᠠᠮᠳᠤᠪᠠᠷ ᠠᠶᠤᠯ ᠲᠦᠭᠰᠢᠭᠦᠷᠢ ᠶᠢ ᠮᠥᠷᠥᠯᠡᠬᠦ | ᠲᠤᠭᠳᠠᠴᠠ ᠪᠠᠴᠢᠮ ᠬᠡᠷᠡᠭᠴᠡᠭᠡ ᠲᠠᠢ ᠪᠤᠯᠤᠭᠠᠳ ᠪᠠᠶᠢᠨ᠎ᠠ᠃ | ᠤᠶᠢᠯᠠᠭᠠᠭᠰᠠᠨ ᠢᠶᠠᠷ᠂ ᠴᠢᠳᠠᠪᠤᠷᠢ ᠪᠠᠨ ᠬᠡᠴᠡᠭᠦᠦ ᠠᠯᠳᠠᠭᠰᠠᠳ ᠤᠨ ᠠᠮᠢᠳᠤᠷᠠᠯ ᠤᠨ ᠴᠢᠨᠰᠠᠭ᠎ᠠ ᠶᠢ ᠦᠨᠡᠨᠬᠦ | ᠳᠡᠭᠡᠭᠰᠢᠯᠡᠭᠦᠯᠬᠦ᠂ ᠬᠤᠪᠢ ᠬᠦᠮᠤᠨ ᠪᠤᠯᠤᠨ ᠭᠡᠷ ᠪᠦᠯᠢ ᠶᠢᠨ ᠳᠠᠷᠤᠭᠠᠰᠤ ᠶᠢ ᠭᠦᠩᠭᠡᠷᠡᠭᠦᠯᠬᠦ᠂ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠦᠩᠭᠦᠨ ᠤ ᠦᠷ᠎ᠡ ᠪᠦᠳᠦᠮᠵᠢ ᠶᠢ ᠳᠡᠭᠡᠭᠰᠢᠯᠡᠭᠦᠯᠬᠦ ᠶᠢᠨ ᠲᠤᠰᠠᠲᠠ᠂ ᠮᠠᠨ ᠤ ᠬᠤᠲᠠ | ᠤᠷᠳᠤ ᠤᠳᠠᠭᠠᠨᠰᠤᠪᠢᠯᠠᠯᠲᠠ ᠶᠢᠨ ᠳᠠᠭᠠᠳᠬᠠᠯ ᠤᠨ ᠬᠤᠯᠪᠤᠭᠳᠠᠯ ᠪᠦᠬᠦᠢ ᠲᠦᠷᠢᠮ ᠤᠨ ᠪᠠᠶᠢᠭᠤᠯᠤᠯᠲᠠ ᠶᠢ | ᠢᠳᠡᠪᠬᠢᠲᠡᠢ ᠰᠦᠪᠡᠭᠴᠢᠯᠡᠵᠦ᠂ ᠴᠢᠳᠠᠪᠤᠷᠢ ᠪᠠᠨ ᠠᠯᠲᠠᠭᠰᠠᠳ ᠤᠨ ᠤᠷᠳᠤ ᠤᠳᠠᠭᠠᠨᠰᠤᠪᠢᠯᠠᠯᠲᠠ ᠶᠢᠨ ᠪᠠᠲᠤᠯᠠᠭ᠎ᠠ | ᠶᠢᠨ ᠠᠰᠠᠭᠤᠳᠠᠯ ᠢ ᠭᠤᠤᠯᠳᠠᠯᠭ᠎ᠠ ᠪᠤᠯᠭᠠᠨ ᠰᠢᠢᠳᠪᠤᠷᠢᠯᠡᠵᠦ᠂ ᠤᠷᠳᠤ ᠬᠤᠭᠤᠴᠠᠭ᠎ᠠ ᠴᠢᠳᠠᠪᠤᠷᠢ ᠠᠯᠳᠠᠭᠰᠠᠳ ᠤᠨ | ᠦᠨᠳᠦᠰᠦᠨ ᠠᠮᠢᠳᠤᠷᠠᠯ ᠤᠨ ᠬᠠᠷᠠᠭᠠᠯᠵᠠᠯᠠᠯ ᠪᠠ ᠡᠭᠦᠨ ᠳᠤ ᠨᠢᠭᠲᠠ ᠬᠤᠯᠪᠤᠭᠳᠠᠯ ᠲᠠᠢ ᠡᠮᠨᠡᠯᠭᠡ ᠰᠤᠪᠢᠯᠠᠯᠲᠠ ᠳᠤ | ᠦᠢᠯᠡᠴᠢᠯᠡᠭᠡ ᠪᠤᠶᠤ ᠵᠤᠭᠤᠰ ᠮᠦᠩᠭᠦᠨ ᠤ ᠪᠠᠲᠤᠯᠠᠭ᠎ᠠ ᠬᠠᠩᠭᠠᠵᠦ᠂ ᠤᠯᠠᠨ ᠲᠦᠮᠡᠨ ᠬᠠᠨᠤᠮᠵᠢᠲᠠᠢ᠂ ᠤᠯᠠᠨ | ᠬᠡᠷᠡᠭᠴᠡᠭᠡ ᠤᠯᠠᠨ ᠳᠠᠪᠬᠤᠷᠭ᠎ᠠ ᠶᠢᠨ ᠤᠷᠳᠤ ᠤᠳᠠᠭᠠᠨ ᠰᠤᠪᠢᠯᠠᠯᠲᠠ ᠶᠢᠨ ᠪᠠᠲᠤᠯᠠᠭᠠᠨ ᠤ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠴᠢᠳᠠᠪᠤᠷᠢ ᠠᠯᠳᠠᠭᠰᠠᠳ ᠤᠨ ᠬᠦᠷᠲᠡᠮᠵᠢᠳᠤ ᠲᠦᠷᠦᠭᠳᠡᠯ᠂ ᠠᠵᠠ ᠵᠢᠷᠭᠠᠯᠳᠤ ᠲᠦᠷᠦᠭᠳᠡᠯ ᠂ | ᠠᠮᠤᠷ ᠲᠦᠪᠰᠢᠨ ᠲᠦᠷᠦᠭᠳᠡᠯ ᠢ ᠲᠠᠰᠤᠷᠠᠯᠲᠠ ᠦᠭᠡᠢ ᠤᠷᠮᠠᠰᠢᠭᠤᠯᠬᠤ ᠪᠠᠷ ᠪᠠᠶᠢᠨ᠎ᠠ ᠃ | http://mongol.people.com.cn/15827968.html |