ᠬᠤᠲᠠ ᠶᠢᠨ ᠵᠠᠰᠠᠭ ᠤᠨ ᠣᠷᠳᠣᠨ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ᠂ ᠰᠢᠨ᠎ᠡ ᠡᠨᠧᠷᠭᠢ᠂ ᠰᠢᠨ᠎ᠡ ᠠᠵᠤ ᠠᠬᠤᠢ ᠶᠢᠨ ᠠᠵᠤ ᠠᠬᠤᠶᠢᠯᠠᠯ ᠤᠨ ᠰᠢᠨᠵᠢᠯᠡᠨ ᠪᠠᠶᠢᠴᠠᠭᠠᠬᠤ ᠪᠦᠯᠬᠦᠮ ᠲᠠᠢ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2020/10/29
 ᠵᠠᠩ ᠪᠠᠢ ᠴᠧᠩ  ᠯᠥᠸᠧ ᠴᠢᠩ ᠣᠷᠣᠯᠴᠠᠪᠠ      10 ᠳ᠋ᠤᠭᠠᠷ ᠰᠠᠷ᠎ᠠ ᠶᠢᠨ 28 ᠤ ᠡᠳᠦᠷ᠂ ᠬᠤᠲᠠ ᠶᠢᠨ ᠵᠠᠰᠠᠭ ᠤᠨ ᠣᠷᠳᠣᠨ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ᠂ ᠰᠢᠨ᠎ᠡ ᠡᠨᠧᠷᠭᠢ᠂ ᠰᠢᠨ᠎ᠡ ᠠᠵᠤ ᠠᠬᠤᠢ ᠶᠢᠨ ᠠᠵᠤ ᠠᠬᠤᠶᠢᠯᠠᠯ ᠤᠨ ᠰᠢᠨᠵᠢᠯᠡᠨ ᠪᠠᠶᠢᠴᠠᠭᠠᠬᠤ ᠪᠦᠯᠬᠦᠮ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠲᠠᠯ᠎ᠠ ᠪᠠᠷ ᠪᠣᠳᠣᠯ ᠰᠠᠨᠠᠯ  ᠢᠶᠠᠨ ᠰᠣᠯᠢᠯᠴᠠᠵᠤ ᠬᠠᠮᠲᠤ ᠶᠢᠨ ᠲᠠᠨᠢᠯᠲᠠ ᠲᠠᠢ ᠪᠣᠯᠵᠠᠢ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠠᠴᠠ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ᠂ ᠰᠢᠨ᠎ᠡ ᠡᠨᠧᠷᠭᠢ᠂ ᠰᠢᠨ᠎ᠡ ᠠᠵᠤ ᠠᠬᠤᠢ ᠶᠢᠨ ᠠᠵᠤ ᠠᠬᠤᠶᠢᠯᠠᠯ ᠤᠨ ᠠᠵᠤ ᠠᠬᠤᠶᠢᠯᠠᠯᠲᠠᠳ ᠤᠨ ᠬᠥᠬᠡᠬᠤᠲᠠ ᠳᠤ ᠢᠷᠡᠵᠦ ᠰᠢᠨᠵᠢᠯᠡᠨ ᠪᠠᠶᠢᠴᠠᠭᠠᠯᠲᠠ ᠬᠢᠭᠰᠡᠨ ᠢ ᠪᠠᠶᠠᠷᠯᠠᠨ ᠤᠭᠲᠤᠵᠤ ᠪᠠᠶᠢᠭ᠎ᠠ ᠪᠠᠨ ᠢᠯᠡᠳᠬᠡᠪᠡ᠃ ᠲᠡᠷᠡ᠂ ᠬᠥᠬᠡᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ᠂ ᠠᠵᠤ ᠠᠬᠤᠢ ᠂ ᠰᠣᠶᠣᠯ ᠤᠨ ᠲᠥᠪ ᠪᠠᠶᠢᠵᠤ᠂ ᠬᠡᠮᠵᠢᠶᠡᠯᠡᠰᠢ ᠦᠭᠡᠢ ᠲᠠᠲᠠᠬᠤ ᠬᠦᠴᠦᠨ ᠲᠠᠢ ᠬᠢᠵᠠᠭᠠᠯᠠᠰᠢ ᠦᠭᠡᠢ ᠬᠤᠳᠠᠯᠳᠤᠭᠠᠨ ᠤ ᠲᠣᠬᠢᠶᠠᠯ ᠲᠠᠢ᠂ ᠡᠬᠢ ᠪᠠᠶᠠᠯᠢᠭ ᠲᠥᠪᠯᠡᠷᠡᠵᠦ᠂ ᠬᠥᠭᠵᠢᠯᠲᠡ ᠶᠢᠨ ᠳᠠᠪᠠᠭᠤᠯᠢᠭ ᠢᠯᠡᠳᠲᠡ ᠶᠤᠮ᠃ ᠣᠳᠣᠬᠠᠨ ᠳᠤ᠂ ᠬᠥᠬᠡᠬᠤᠲᠠ ᠶᠠᠭ ︽ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠦᠵᠡᠰᠬᠦᠯᠡᠩᠲᠦ ᠬᠥᠬᠡᠬᠤᠲᠠ᠂ ᠲᠠᠯ᠎ᠠ ᠨᠤᠲᠤᠭ ᠤᠨ ᠬᠤᠲᠠ ᠶᠢ ᠪᠦᠬᠦ ᠬᠦᠴᠦᠨ ᠢᠶᠠᠷ ᠢᠶᠠᠨ  ᠪᠠᠶᠢᠭᠤᠯᠵᠤ ᠪᠠᠶᠢᠨ᠎ᠠ᠂ ᠠᠵᠤ ᠠᠬᠤᠶᠢᠯᠠᠯᠳᠠᠨ ᠪᠦᠷᠢ ᠶᠢ ᠬᠥᠬᠡᠬᠤᠲᠠ ᠳᠤ ᠰᠢᠨᠵᠢᠯᠡᠨ ᠪᠠᠶᠢᠴᠠᠭᠠᠵᠤ ᠬᠠᠷᠢᠯᠴᠠᠵᠤ ᠰᠣᠯᠢᠯᠴᠠᠨ᠂ ᠪᠡᠯᠡ ᠣᠷᠣᠭᠤᠯᠤᠨ ᠦᠢᠯᠡᠰ ᠢᠶᠠᠨ ᠬᠥᠭᠵᠢᠭᠡᠬᠦ ᠶᠢᠨ ᠬᠠᠮᠲᠤ᠂ ᠨᠡᠩ ᠣᠯᠠᠨ ᠰᠢᠯᠢᠳᠡᠭ ᠲᠥᠷᠥᠯ ᠵᠦᠢᠯ ᠢ ᠬᠥᠬᠡᠬᠤᠲᠠ ᠳᠤ ᠨᠠᠶᠢᠳᠠᠪᠤᠷᠢᠵᠢᠭᠤᠯᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃ ᠬᠥᠬᠡᠬᠤᠲᠠ ᠶᠢᠨ ᠬᠢᠨ ᠨᠡᠩ ᠰᠢᠯᠢᠳᠡᠭ ᠦᠨᠳᠦᠷ ᠠᠰᠢᠭᠯᠠᠮᠵᠢ ᠲᠠᠢ ᠦᠢᠯᠡᠴᠢᠯᠡᠭᠡ ᠪᠠᠷ ᠢᠶᠠᠨ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠵᠦ᠂ ᠲᠠᠰᠤᠷᠠᠯᠲᠠ ᠦᠭᠡᠢ ᠥᠰᠦᠨ ᠪᠤᠵᠠᠭᠠᠶᠢᠷᠠᠬᠤ ᠳᠤ ᠲᠤᠰᠠᠯᠠᠨ᠎ᠠ ᠭᠡᠵᠡᠢ᠃      ᠰᠠᠭᠤᠳᠠᠯ ᠤᠨ ᠬᠤᠷᠠᠯ ᠳᠡᠭᠡᠷ᠎ᠡ᠂ ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠵᠠᠩ ᠭᠥᠸᠧ ᠫᠢᠩ ᠠᠴᠠ ᠲᠤᠰ ᠲᠤᠰ ᠬᠤᠷᠢᠨᠭᠡᠷ ᠰᠢᠨ᠎ᠡ ᠲᠣᠭᠤᠷᠢᠭ ᠤᠨ ᠠᠵᠤ ᠦᠢᠯᠡᠰ ᠤᠨ ᠪᠠᠶᠢᠷᠢᠰᠢᠯ ᠪᠠ ᠬᠥᠭᠵᠢᠯᠲᠡ ᠶᠢᠨ ᠪᠠᠶᠢᠳᠠᠯ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠲᠧ ᠷᠦᠢ ᠳ᠋ᠧ & ᠲᠧ ᠯᠠᠢ ᠳ᠋ᠢᠶᠠᠨ ᠤ ᠬᠡᠷᠡᠭ ᠮᠡᠳᠡᠭᠴᠢᠳ ᠤᠨ ᠳᠠᠷᠤᠭ᠎ᠠ ᠢᠦᠢ ᠳ᠋ᠧ ᠰᠢᠶᠠᠩ᠂ ᠳ᠋ᠦᠩ ᠬᠤᠸᠠ ᠵᠥᠭᠡᠯᠡᠨ ᠲᠣᠨᠤᠭ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠷᠤᠸᠠᠨ ᠶᠢᠨ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠩ ᠰᠢᠦᠢ᠂ ᠪᠡᠭᠡᠵᠢᠩ ᠤᠨ ᠰᠢᠨ ᠱᠢ ᠺᠦᠩ ᠰᠢᠨᠵᠢᠯᠡᠭᠡ ᠮᠡᠷᠭᠡᠵᠢᠯ ᠤᠨ ᠬᠡᠷᠡᠭ ᠮᠡᠳᠡᠭᠴᠢᠳ ᠤᠨ ᠳᠠᠷᠤᠭ᠎ᠠ ᠭᠦᠩ ᠳ᠋ᠢᠶᠠᠨ ᠬᠠᠢ ᠵᠡᠷᠭᠡ ᠰᠢᠨᠵᠢᠯᠡᠨ ᠪᠠᠶᠢᠴᠠᠭᠠᠬᠤ ᠪᠦᠯᠬᠦᠮ ᠤᠨ ᠭᠡᠰᠢᠭᠦᠳ ᠲᠤᠰ ᠲᠤᠰ ᠥᠪᠡᠷ ᠤᠨ ᠠᠵᠤ ᠠᠬᠤᠶᠢᠯᠠᠯ ᠤᠨ ᠢᠶᠠᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠵᠢᠴᠢ ᠬᠠᠮᠲᠤᠷᠠᠯᠴᠠᠬᠤ ᠬᠦᠷᠢᠶ᠎ᠡ ᠴᠠᠷᠠᠭ᠎ᠠ ᠪᠠ ᠰᠠᠨᠠᠯ ᠵᠣᠷᠢᠯᠭ᠎ᠠ ᠪᠠᠨ ᠲᠠᠨᠢᠯᠴᠠᠭᠤᠯᠪᠠ᠃ ᠰᠢᠨᠵᠢᠯᠡᠨ ᠪᠠᠶᠢᠴᠠᠭᠠᠬᠤ ᠪᠠᠷ ᠳᠠᠮᠵᠢᠨ᠂ ᠬᠥᠬᠡᠬᠤᠲᠠ ᠶᠢᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠳᠦᠭᠦᠷᠡᠩ ᠪᠠᠶᠢᠨ᠎ᠠ᠂ ᠬᠥᠬᠡᠬᠤᠲᠠ ᠯᠤᠭ᠎ᠠ ᠶᠢᠨ ᠪᠣᠳᠠᠲᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦᠷ ᠬᠠᠩᠭᠠᠨ᠂ ᠰᠢᠨ᠎ᠡ ᠬᠥᠳᠡᠯᠭᠡᠬᠦ ᠬᠦᠴᠦᠨ ᠣᠯᠭᠤᠬᠤ ᠶᠢ ᠬᠦᠰᠡᠵᠦ ᠪᠠᠶᠢᠨ᠎ᠠ ᠭᠡᠵᠦ ᠣᠯᠠᠨ ᠢᠶᠠᠷ ᠢᠶᠠᠨ ᠰᠠᠨᠠᠯ ᠨᠢᠭᠡᠳᠡᠢ  ᠢᠯᠡᠷᠬᠡᠶᠢᠯᠡᠪᠡ᠃      ᠰᠠᠭᠤᠳᠠᠯ ᠤᠨ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠭᠡᠷᠡᠴᠢᠯᠡᠯ ᠳᠣᠣᠷ᠎ᠠ᠂ ᠬᠥᠬᠡᠬᠤᠲᠠ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠪᠣᠯᠣᠨ ᠲᠧ ᠷᠦᠢ ᠳ᠋ᠧ & ᠲᠧ ᠯᠠᠢ ᠳ᠋ᠢᠶᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠠᠭᠤᠳᠠᠯ ᠤᠨ ᠬᠤᠷᠠᠯ ᠪᠠ ᠵᠥᠪᠯᠡᠯᠴᠡᠭᠡᠷ ᠲᠣᠭᠲᠠᠬᠤ ᠶᠣᠰᠣᠯᠠᠯ ᠳᠤ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号