ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/29
ᠶᠦᠨ ᠵᠢᠶᠠᠨ ᠳ᠋ᠦᠩ ᠬᠤᠷᠠᠯ ᠳᠤ ᠣᠷᠣᠯᠴᠠᠪᠠ       ︵ᠰᠤᠷᠪᠤᠯᠵᠢᠯᠠᠭᠴᠢ ᠶᠦᠨ ᠶᠠᠨ ᠹᠠᠩ︶ 10 ᠳ᠋ᠤᠭᠠᠷ ᠰᠠᠷ᠎ᠠ ᠶᠢᠨ 28 ᠤ ᠡᠳᠦᠷ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ  ᠬᠤᠶᠠᠳᠤᠭᠠᠷ ᠪᠦᠭᠦᠳᠡ ᠬᠤᠷᠠᠯ ᠬᠤᠷᠠᠯᠳᠤᠭᠤᠯᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ᠂ ᠳᠡᠳ᠋ ᠡᠷᠬᠢᠯᠡᠭᠴᠢ ᠰᠡᠴᠡᠨᠪᠢᠯᠢᠭ᠂ ᠯᠠᠨ ᠹᠧᠩ  ᠂ ᠭᠥᠸᠧ ᡁᠢ ᠭᠠᠩ᠂ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠬᠤᠩ ᠰᠢᠶᠠ᠂ ᠨᠠᠷᠢᠨ ᠪᠢᠴᠢᠭ ᠤᠨ ᠳᠠᠷᠤᠭ᠎ᠠ ᠵᠠᠩ ᠰᠢᠶᠥᠥ ᠹᠠᠨ ᠵᠢᠴᠢ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠨᠡᠶᠢᠲᠡ 30 ᠬᠥᠮᠥᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠬᠦᠷᠴᠡᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᠮᠢᠨ ᠬᠤᠷᠠᠯ ᠢ ᠡᠷᠬᠢᠯᠡᠪᠡ᠃      ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ᠂ ᠴᠢᠶᠥᠥ ᠶᠦᠨ ᠯᠢ᠂ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ ᠬᠤᠷᠢᠶᠠᠨ  ᠳᠠᠷᠤᠭ᠎ᠠ ᠵᠤᠤ ᠰᠢ ᠮᠢᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠳᠠᠷᠤᠭ᠎ᠠ ᠵᠠᠩ ᠵᠦᠩ ᠮᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠪᠠ ᠬᠤᠲᠠ ᠶᠢᠨ ᠬᠠᠮᠢᠶ᠎ᠠ  ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠦᠨ ᠰᠢᠨ ᠮᠢᠩ ᠤᠨ ᠬᠢᠭᠰᠡᠨ ︽ᠮᠠᠨ ᠤ ᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾ ︽ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠲᠤᠳᠬᠠᠵᠤ᠂  ᠶᠠᠳᠠᠭᠤᠷᠠᠬᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢᠨ ᠤᠷᠲᠤ ᠬᠤᠭᠤᠴᠠᠭᠠᠨ ᠤ ᠪᠦᠳᠦᠮᠵᠢᠳᠡᠢ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾ ᠪᠠ ︽2019 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠵᠠᠰᠠᠭ ᠤᠨ ᠣᠷᠳᠣᠨ ᠤ ᠮᠡᠳᠡᠭᠦᠯᠦᠯᠲᠡ︾᠂ ᠴᠢᠶᠥᠥ ᠶᠦᠨ ᠯᠢ ᠶᠢᠨ ᠬᠢᠭᠰᠡᠨ ︽ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠳᠡᠢ ᠬᠥᠭᠵᠢᠯᠲᠡ ᠪᠠ ᠰᠤᠷᠭᠠᠨ ᠬᠥᠮᠥᠵᠢᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠵᠠᠰᠠᠭ ᠤᠨ ᠣᠷᠳᠣᠨ ᠤ ᠮᠡᠳᠡᠭᠦᠯᠦᠯᠲᠡ︾ ᠶᠢ ᠰᠣᠨᠣᠰᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号