10 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠭᠢᠯᠡᠭᠰᠡᠨ | ᠮᠣᠩᠭᠤᠯ ᠡᠮ ᠡᠮᠨᠡᠯᠭᠡ ᠶᠢ ᠪᠡᠭᠡᠵᠢᠩ ᠳᠤ ᠤᠷᠤᠭᠤᠯᠬᠤ ᠠᠵᠢᠯᠯᠠᠭ᠎ᠠ ᠵᠢᠴᠢ ᠰᠢᠨ᠎ᠡ ᠴᠠᠭ ᠦᠶ᠎ᠡ ᠶᠢᠨ ᠮᠣᠩᠭᠤᠯ ᠡᠮ | ᠡᠮᠨᠡᠯᠭᠡ ᠶᠢᠨ ᠬᠥᠭᠵᠢᠯᠲᠡ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠬᠤᠲᠠ ᠳᠤ ᠶᠠᠪᠤᠭᠳᠠᠪᠠ᠃ | ᠳᠤᠮᠳᠠᠳᠤ ᠶᠢᠨ ᠬᠢᠲᠠᠳ ᠡᠮ ᠡᠮᠨᠡᠯᠭᠡ ᠶᠢᠨ ᠨᠡᠶᠢᠭᠡᠮᠯᠢᠭ ᠤᠨ ᠳᠠᠷᠤᠭ᠎ᠠ᠂ ᠤᠯᠤᠰ ᠤᠨ ᠬᠢᠲᠠᠳ ᠡᠮ | ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠤᠯ ᠤᠨ ᠳᠠᠷᠤᠭ᠎ᠠ ᠸᠠᠩ ᠭᠦᠸᠧ ᠴᠢᠶᠠᠩ᠂ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ | ᠶᠣᠰᠣᠯᠠᠯ ᠳᠤ ᠣᠷᠣᠯᠴᠠᠬᠰᠠᠨ ᠪᠦᠭᠡᠳ ᠪᠠᠶᠠᠷ ᠤᠨ ᠦᠭᠡ ᠬᠡᠯᠡᠵᠦ᠂ ᠰᠢᠯᠢ ᠶᠢᠨ ᠭᠤᠣᠯ ᠠᠶᠢᠮᠠᠭ ᠤᠨ ᠨᠠᠮ ᠤᠨ | ᠬᠤᠷᠢᠶᠠᠨ ᠤ ᠱᠦᠵᠢ ᠯᠦᠸᠧ ᠬᠤ᠋ ᠽᠠᠢ ᠶᠣᠰᠣᠯᠠᠯ ᠳᠤ ᠣᠷᠣᠯᠴᠠᠵᠤ᠂ ᠠᠶᠢᠮᠠᠭ ᠤᠨ ᠳᠡᠳ᠋ ᠳᠠᠷᠤᠭ᠎ᠠ ᠰᠠᠷᠠᠨᠴᠢᠮᠡᠭ | ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ | ᠶᠣᠰᠣᠯᠠᠯ ᠳᠡᠭᠡᠷ᠎ᠡ᠂ ᠸᠠᠩ ᠭᠦᠸᠧ ᠴᠢᠶᠠᠩ᠂ ᠰᠢᠤᠢ ᠬᠤᠩ ᡁᠢ ᠵᠡᠷᠭᠡ ᠤᠳᠤᠷᠢᠳᠤᠯᠭ᠎ᠠ ᠬᠠᠮᠲᠤ ᠪᠠᠷ | ᠪᠡᠭᠡᠵᠢᠩ ᠤᠨ ᠮᠣᠩᠭᠤᠯ ᠡᠮᠨᠡᠯᠭᠡ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶᠠᠨ ᠳᠤ ᠫᠠᠶᠢᠰᠠ ᠰᠡᠭᠦᠵᠦ ᠦᠭᠪᠡ᠃ | ᠡᠮᠨᠡᠯᠭᠡ ᠶᠢᠨ ᠬᠤᠷᠢᠶᠠᠨ ᠤ ᠮᠣᠩᠭᠤᠯ ᠡᠮᠨᠡᠯᠭᠡ ᠶᠢᠨ ᠤᠯᠠᠮᠵᠢᠯᠠᠯᠲᠤ ᠵᠠᠰᠠᠯᠭ᠎ᠠ᠂ ᠮᠣᠩᠭᠤᠯ ᠡᠮᠴᠢ ᠶᠢᠨ | ᠹᠢᠽᠢᠣᠯᠣᠭᠢ ᠶᠢᠨ ᠡᠪᠡᠳᠴᠢᠨ ᠤ ᠵᠦᠶ ᠶᠢᠨ ᠪᠦᠬᠦᠯᠢ ᠴᠣᠭᠴᠠ ᠶᠢᠨ ᠠᠨᠠᠭᠠᠬᠤ ᠤᠬᠠᠭᠠᠨ ᠤ ᠦᠵᠡᠭᠦᠯᠦᠯᠭᠡ ᠶᠢᠨ | ᠲᠣᠭᠤᠷᠢᠭ ᠢ ᠲᠣᠭᠤᠷᠢᠨ ᠦᠵᠡᠵᠠᠢ᠃ ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ | ᠲᠤᠬᠠᠢ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠦᠨᠳᠦᠰᠦᠲᠡᠨ ᠤ ᠡᠮ ᠡᠮᠨᠡᠯᠭᠡ ᠶᠢᠨ ᠡᠲᠡᠭᠡᠳ ᠠᠴᠠ ᠢᠷᠡᠭᠰᠡᠨ | ᠲᠤᠰᠬᠠᠶ ᠮᠡᠷᠭᠡᠵᠢᠯᠲᠡᠨ ᠡᠷᠳᠡᠮᠲᠡᠳ ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠲᠤᠬᠠᠶ | ᠶᠠᠷᠢᠶ᠎ᠠ ᠲᠠᠯᠪᠢᠬᠰᠠᠨ ᠪᠦᠭᠡᠳ ᠪᠡᠭᠡᠵᠢᠩ ᠤᠨ ᠮᠣᠩᠭᠤᠯ ᠡᠮᠨᠡᠯᠭᠡ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ ᠨᠢ | ᠪᠠᠰᠠ ᠪᠦᠬᠦ ᠣᠷᠣᠨ ᠤ ᠭᠤᠷᠪᠠᠳᠤᠭᠠᠷ ᠳᠡᠰ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠭᠠᠨ ᠤ | ᠬᠡᠯᠡᠯᠴᠡᠭᠡᠷ ᠲᠣᠭᠲᠠᠵᠦ᠂ ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ | ᠬᠠᠮᠲᠤᠪᠠᠷ ᠠᠬᠢᠭᠤᠯᠤᠨ᠎ᠠ ᠬᠡᠪᠡ᠃ | ᠪᠡᠭᠡᠵᠢᠩ ᠤᠨ ᠮᠣᠩᠭᠤᠯ ᠡᠮᠨᠡᠯᠭᠡ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ ᠨᠢ ᠤᠤᠯ ᠳᠠᠭᠠᠨ 1987 | ᠣᠨ ᠳᠤ ᠪᠠᠶᠢᠭᠤᠯᠤᠭᠳᠠᠭᠰᠠᠨ ᠰᠢ ᠴᠠᠩ ᠰᠤᠪᠢᠯᠠᠯᠲᠠ ᠶᠢᠨ ᠡᠮᠨᠡᠯᠭᠡ ᠶᠢᠨ ᠬᠤᠷᠢᠶ᠎ᠡ ᠪᠠᠶᠢᠵᠠᠢ᠃ ᠣᠲᠣ ᠰᠢᠯᠢ ᠶᠢᠨ | ᠭᠤᠤᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠬᠠᠷᠢᠶᠠᠯᠠᠭᠳᠠᠵᠤ᠂ ᠣᠯᠠᠨ ᠵᠢᠯ ᠤᠨ ᠲᠤᠷᠰᠢ | ᠡᠷᠡᠭᠦᠯᠵᠢᠯ ᠤᠨ ᠰᠤᠪᠢᠯᠠᠯᠲᠠ᠂ ᠴᠢᠳᠠᠪᠤᠷᠢᠲᠠᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ | ᠨᠡᠭᠡᠭᠡᠯᠲᠡ ᠬᠢᠬᠦ᠂ ᠤᠬᠠᠭᠤᠯᠤᠨ ᠳᠡᠯᠭᠡᠷᠡᠭᠦᠯᠬᠦ᠂ ᠮᠣᠩᠭᠤᠯ ᠡᠮ ᠡᠮᠨᠡᠯᠭᠡ ᠶᠢᠨ ᠣᠨᠴᠠᠯᠢᠭᠲᠤ ᠦᠢᠯᠡᠴᠢᠯᠡᠭᠡ ᠬᠢᠬᠦ | ᠵᠡᠷᠭᠡ ᠠᠵᠢᠯ ᠤᠨ ᠲᠠᠯ᠎ᠠ ᠪᠠᠷ ᠪᠠᠶᠠᠷᠯᠠᠭᠤᠰᠢᠲᠠᠶ ᠠᠮᠵᠢᠯᠲᠠ ᠣᠯᠤᠭᠰᠠᠨ ᠶᠤᠮ᠃ ᠡᠨᠡ ᠤᠳᠠᠭ᠎ᠠ ᠰᠢ ᠴᠠᠩ | ᠰᠤᠪᠢᠯᠠᠯᠲᠠ ᠶᠢᠨ ᠡᠮᠨᠡᠯᠭᠡ ᠶᠢᠨ ᠬᠤᠷᠢᠶ᠎ᠠ ᠨᠢ ᠬᠡᠯᠪᠡᠷᠢ ᠪᠠᠨ ᠬᠤᠪᠢᠷᠠᠭᠤᠯᠤᠨ ᠪᠡᠭᠡᠵᠢᠩ ᠤᠨ ᠮᠣᠩᠭᠤᠯ ᠡᠮᠨᠡᠯᠭᠡ ᠶᠢᠨ | ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠣᠯᠵᠤ᠂ ᠪᠡᠭᠡᠵᠢᠩ ᠦᠪᠦᠷ ᠮᠣᠩᠭᠤᠯ ᠤᠨ ᠡᠮᠴᠢᠯᠡᠭᠡᠨ ᠤ ᠬᠠᠮᠵᠢᠯᠴᠠᠭ᠎ᠠ ᠶᠢ | ᠤᠯᠠᠮ ᠨᠢᠭᠡ ᠠᠯᠬᠤᠮ ᠠᠬᠢᠭᠤᠯᠵᠤ᠂ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠬᠦᠴᠦᠨ | ᠨᠡᠮᠡᠷᠢᠯᠡᠬᠦ ᠪᠠᠷ ᠪᠤᠢ᠃ ᠳᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ᠪᠡᠭᠡᠵᠢᠩ ᠤᠨ ᠮᠣᠩᠭᠤᠯ | ᠡᠮᠨᠡᠯᠭᠡ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ ᠶᠢ ᠮᠣᠩᠭᠤᠯ ᠡᠮ ᠡᠮᠨᠡᠯᠭᠡ ᠶᠢ ᠪᠡᠭᠡᠵᠢᠩ ᠳᠤ ᠣᠷᠣᠭᠤᠯᠬᠤ | ᠬᠥᠭᠵᠢᠯᠲᠡ ᠶᠢᠨ ᠴᠢᠬᠤᠯᠠ ᠰᠠᠭᠤᠷᠢᠨ ᠭᠠᠵᠠᠷ᠂ ᠨᠡᠶᠢᠰᠯᠡᠯ ᠤᠨ ᠠᠷᠠᠳ ᠤᠨ ᠮᠣᠩᠭᠤᠯ ᠡᠮ ᠡᠮᠨᠡᠯᠭᠡ ᠶᠢᠨ | ᠣᠨᠴᠠᠯᠢᠭᠲᠤ ᠡᠷᠡᠭᠦᠯ ᠮᠡᠨᠳᠦ ᠶᠢᠨ ᠦᠢᠯᠡᠴᠢᠯᠡᠭᠡᠨ ᠤ ᠰᠠᠭᠤᠷᠢᠨ ᠭᠠᠵᠠᠷ᠂ ᠪᠡᠭᠡᠵᠢᠩ ᠦᠪᠦᠷ ᠮᠤᠩᠭᠤᠯ ᠤᠨ | ᠮᠣᠩᠭᠤᠯ ᠡᠮ ᠡᠮᠨᠡᠯᠭᠡ ᠶᠢᠨ ᠰᠣᠯᠢᠯᠴᠠᠭ᠎ᠠ ᠬᠠᠮᠲᠤᠷᠠᠯᠴᠠᠭᠠᠨ ᠤ ᠶᠡᠷᠦᠩᠬᠡᠶᠢᠯᠡᠭᠰᠡᠨ ᠲᠠᠪᠴᠠᠩ ᠪᠣᠯᠭᠠᠨ ᠪᠠᠶᠢᠭᠤᠯᠵᠤ᠂ | ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ᠂ ᠪᠡᠭᠡᠵᠢᠩ ᠥᠪᠥᠷ ᠮᠣᠩᠭᠤᠯ ᠤᠨ | ᠬᠠᠮᠲᠤᠷᠠᠯᠴᠠᠭ᠎ᠠ ᠶᠢᠨ ᠰᠠᠶᠢᠨ ᠰᠠᠶᠢᠬᠠᠨ ᠰᠠᠭᠤᠷᠢ ᠵᠢᠴᠢ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ | ᠠᠰᠢᠭᠯᠠᠨ᠂ ᠮᠣᠩᠭᠤᠯ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠦᠭᠵᠢᠬᠦᠯᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠣᠩᠭᠤᠯ ᠡᠮ ᠡᠮᠨᠡᠯᠭᠡ ᠶᠢ ᠨᠠᠩ ᠥᠷᠭᠡᠨ ᠠᠭᠤᠳᠠᠮ | ᠲᠠᠪᠴᠠᠩ ᠲᠡᠰᠢ ᠬᠥᠭᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠬᠦᠯᠬᠦ ᠪᠤᠯᠤᠨ᠎ᠠ᠃ | http://mongol.people.com.cn/15827966.html |