ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ ᠲᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠪᠠᠶᠢᠭᠤᠯᠪᠠ
ᠨᠡᠶᠢᠲᠡᠯᠡᠭᠰᠡᠨ ᠴᠠᠭ᠄
2020/10/29
    ᠥᠪᠥᠷ ᠮᠣᠩᠭᠤᠯ ᠤᠨ ᠡᠳᠦᠷ ᠤᠨ ᠰᠣᠨᠢᠨ ᠤ 10 ᠰᠠᠷ᠎ᠠ ᠶᠢᠨ 27 ᠤ ᠡᠳᠦᠷ ᠤᠨ ᠮᠡᠳᠡᠭᠡ ︵ᠰᠤᠷᠪᠤᠯᠵᠢᠯᠠᠭᠴᠢ ᠰᠤ᠋ ᠶᠦᠩ ᠱᠧᠩ︶ 10 ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ  ᠤᠬᠠᠮᠰᠠᠷ ᠢ ᠪᠠᠲᠤ ᠪᠠᠬᠢ ᠴᠣᠭᠴᠠᠯᠠᠬᠤ ᠰᠤᠳᠤᠯᠭᠠᠨ ᠤ ᠲᠥᠪ ᠤᠨ ᠫᠠᠶᠢᠰᠠ ᠡᠯᠭᠦᠬᠦ ᠶᠣᠰᠣᠯᠠᠯ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ ᠶᠠᠪᠤᠭᠳᠠᠪᠠ᠃    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠴᠢᠬᠤᠯᠠ ᠶᠡᠭᠡ ᠣᠨᠣᠯ ᠪᠠ ᠪᠣᠳᠠᠲᠤ ᠠᠰᠠᠭᠤᠳᠠᠯ ᠤᠨ ᠰᠤᠳᠤᠯᠭᠠᠨ ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯᠤᠨ ᠬᠦᠬᠡᠬᠤᠳᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠰᠤᠳᠤᠯᠭᠠᠨ ᠤ ᠰᠠᠭᠤᠷᠢᠨ ᠭᠠᠵᠠᠷ ᠪᠠᠶᠢᠭᠤᠯᠬᠤ ᠪᠠᠷ ᠲᠣᠭᠲᠠᠪᠠ᠃ ᠬᠦᠬᠡᠬᠤᠳᠠ ᠶᠢᠨ ᠦᠨᠳᠦᠰᠦᠲᠡᠨ ᠤ ᠲᠡᠭᠡᠳᠣ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠲᠠᠯ᠎ᠠ ᠶᠢᠨ ᠳᠠᠪᠠᠭᠤᠯᠢᠭ ᠢ ᠠᠰᠢᠭᠯᠠ᠂ ᠰᠢᠨᠵᠢᠯᠡᠭᠡᠨ ᠤ ᠰᠠᠯᠠᠭ᠎ᠠ ᠶᠢ ᠡᠮᠬᠢᠯᠡᠨ ᠨᠡᠶᠢᠯᠡᠭᠦᠯᠬᠦ ᠪᠠ ᠣᠯᠠᠨ ᠰᠢᠨᠵᠢᠯᠡᠭᠡᠨ ᠤ ᠰᠠᠯᠠᠭ᠎ᠠ᠂ ᠣᠯᠠᠨ ᠬᠦᠷᠢᠶᠡᠨ ᠳᠤ ᠬᠠᠮᠲᠤᠷᠠᠨ ᠪᠣᠭᠤᠮᠲᠠ ᠰᠢᠪᠲᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠦᠨᠳᠦᠰᠦᠲᠡᠨ ᠤ ᠠᠵᠢᠯ᠂ ᠦᠨᠳᠦᠰᠦᠲᠡᠨ ᠤ ᠰᠠᠭᠤᠷᠢ ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠪᠣᠳᠠᠲᠤ ᠠᠬᠤᠢ ᠵᠡᠷᠭᠡ ᠲᠠᠯ᠎ᠠ ᠶᠢᠨ ᠰᠤᠳᠤᠯᠤᠯ ᠢ ᠦᠷᠨᠢᠬᠦᠯᠪᠡ᠃     ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤᠮᠳᠠᠳᠤ ᠶᠢᠨ ᠦᠨᠳᠦᠰᠦᠲᠡᠨ ᠤ ᠬᠠᠮᠳᠣ ᠶᠢᠨ ᠴᠣᠭᠴᠠ ᠶᠢᠨ ᠦᠵᠡᠯ ᠤᠬᠠᠮᠰᠠᠷ ᠤᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠤᠭᠰᠠᠨ ᠤ ᠳᠠᠷᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠰᠤᠳᠤᠯᠭᠠᠨ ᠤ ᠳᠤᠮᠳᠠᠬᠢ ᠣᠶᠤᠨ ᠤ ᠬᠥᠮᠥᠷᠭᠡ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠰᠤᠳᠤᠯᠭᠠᠨ ᠤ ᠭᠤᠣᠯᠳᠠᠯᠭ᠎ᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠡᠭᠡᠷ᠎ᠡ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠣᠨᠣᠯ ᠤᠨ ᠰᠤᠳᠤᠯᠭᠠᠨ ᠪᠠ ᠵᠢᠭᠠᠨ ᠰᠤᠷᠭᠠᠯᠲᠠ ᠶᠢᠨ ᠦᠢᠯᠡᠳᠦᠯᠭᠡ ᠪᠠᠷ ᠳᠠᠮᠵᠢᠭᠤᠯᠤᠨ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠲᠤ ᠪᠠᠷ ᠲᠡᠷᠭᠡᠯᠰᠢᠭᠦᠯᠬᠦ︾ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃    ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠬᠤ ᠰᠤᠳᠤᠯᠭᠠᠨ ᠤ ᠲᠥᠪ ᠤᠨ ᠫᠠᠶᠢᠰᠠ ᠡᠯᠭᠦᠬᠦ ᠶᠣᠰᠣᠯᠠᠯ ᠢ ᠬᠠᠮᠲᠤ ᠳᠤᠨᠢ ᠶᠠᠪᠤᠭᠳᠠᠭᠤᠯᠪᠠ᠃ ᠰᠢᠨ᠎ᠡ ᠪᠠᠷ ᠪᠠᠶᠢᠭᠤᠯᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠪᠣᠯᠣᠨ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ  ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠬᠤ ᠰᠤᠳᠤᠯᠭᠠᠨ ᠤ ᠲᠥᠪ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ  ᠴᠤᠭᠴᠠᠯᠠᠬᠤ︾ ᠶᠢᠨ ᠲᠣᠭᠤᠷᠢᠨ ᠳᠤ ᠤᠨᠤᠯ ᠤᠨ ᠰᠤᠳᠤᠯᠭᠠᠨ ᠪᠠ ᠦᠢᠯᠡᠳᠦᠯᠭᠡ ᠶᠢᠨ ᠰᠦᠪᠡᠭᠴᠢᠯᠡᠯᠳᠡ  ᠦᠷᠨᠢᠬᠦᠯᠵᠣ᠂ ᠣᠨᠣᠯ ᠤᠨ ᠰᠤᠳᠤᠯᠭᠠᠨ ᠤ ︽ᠨᠡᠪᠴᠢᠭᠦᠯᠦᠭᠦᠷ︾ ᠤᠨ ᠣᠶᠢᠯᠡᠳᠣᠯ ᠢ ᠪᠠᠳᠠᠷᠠᠭᠤᠯᠤᠨ᠎ᠠ︔ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠬᠤ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠣᠭᠤᠷᠢᠨ ᠳᠤ ᠰᠢᠢᠳᠪᠣᠷᠢᠳᠣ ᠪᠣᠳᠣᠯᠭ᠎ᠠ ᠶᠢᠨ ᠵᠥᠪᠯᠡᠯᠭᠡ ᠬᠠᠩᠭᠠᠵᠤ᠂ ︽ᠦᠵᠡᠯ ᠰᠠᠨᠠᠭᠠᠨ ᠤ ᠬᠥᠮᠥᠷᠭᠡ︾ ᠶᠢᠨ ᠣᠶᠢᠯᠡᠳᠣᠯ ᠢ ᠪᠠᠳᠠᠷᠠᠭᠤᠯᠤᠨ᠎ᠠ︔ ᠰᠤᠷᠭᠠᠭᠤᠯᠢ ᠶᠢᠨ ᠠᠭᠤᠯᠤᠭᠳᠠᠬᠤᠨ ᠤ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠣᠶ ᠪᠣᠯᠭᠠᠬᠤ︾ ᠬᠢᠴᠢᠶᠡᠯ ᠲᠥᠷᠥᠯ ᠤᠨ ᠲᠤᠰᠬᠠᠶ  ᠮᠡᠷᠬᠡᠵᠢᠯ ᠤᠨ ᠪᠠᠶᠢᠭᠤᠯᠤᠯᠲᠠ ᠶᠢᠨ ᠲᠠᠯ᠎ᠠ ᠪᠠᠷ ︽ᠬᠥᠲᠥᠴᠢ︾ ᠶᠢᠨ ᠣᠶᠢᠯᠡᠳᠣᠯ ᠢ ᠪᠠᠳᠠᠷᠠᠭᠤᠯᠤᠨ᠎ᠠ︔ ᠰᠤᠳᠤᠯᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ  ᠲᠡᠭᠡᠭᠰᠢᠯᠡᠭᠦᠯᠬᠦ ᠶᠢᠨ ᠲᠣᠭᠤᠷᠢᠨ ᠳᠤ᠂ ᠠᠬ᠎ᠠ ᠳᠡᠭᠦᠤ ᠳᠡᠭᠡᠳᠦ ᠰᠤᠷᠭᠠᠭᠤᠯᠢ ᠪᠣᠯᠤᠨ ᠪᠤᠰᠤᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ᠂ ᠬᠤᠯᠪᠤᠭᠠᠯᠠᠯ ᠢ ᠴᠢᠩᠭᠠᠳᠬᠠᠵᠤ᠂ ᠬᠥᠭᠦᠷᠭᠡ ᠶᠢᠨ ᠣᠶᠢᠯᠡᠳᠣᠯ ᠢ ᠪᠠᠳᠠᠷᠠᠭᠤᠯᠤᠨ᠎ᠠ᠃http://mongol.people.com.cn/15828021.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号