ᠬᠥᠬᠡᠬᠤᠲᠠ᠄ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠦᠷ᠎ᠡ ᠪᠦᠲᠦᠭᠡᠯ ᠢ ᠲᠦᠭ ᠲᠦᠮᠡᠨ ᠠᠶᠢᠯ ᠡᠷᠦᠬᠡ ᠳᠤ ᠬᠦᠷᠲᠡᠭᠡᠨ᠎ᠡ
ᠨᠡᠶᠢᠲᠡᠯᠡᠭᠰᠡᠨ ᠴᠠᠭ᠄
2020/10/29
     ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠣᠯᠠᠨ ᠲᠦᠮᠡᠨᠴᠢ ᠪᠡᠶ᠎ᠡ ᠶᠢᠨ ᠲᠠᠮᠢᠷ ᠲᠣᠭᠲᠠᠭᠤᠨ ᠢᠶᠠᠷ ᠬᠥᠭᠵᠢᠵᠦ᠂ ᠵᠡᠭᠡᠯᠢ ᠭᠤᠳᠤᠮᠵᠢ ᠨᠡᠶᠢᠬᠡᠮ ᠲᠣᠭᠤᠷᠢᠭ ᠪᠤᠶᠤ ᠰᠢᠶᠠᠩ ᠪᠠᠯᠭᠠᠰᠤ ᠲᠣᠰᠬᠤᠨ ᠳᠤ ᠡᠯ᠎ᠡ ᠵᠦᠢᠯ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠᠭᠠᠵᠢ ᠬᠡᠷᠡᠭᠰᠡᠯ ᠪᠠ ᠪᠡᠶ᠎ᠡ ᠪᠠᠨ  ᠪᠣᠯᠪᠠᠰᠤᠷᠠᠭᠤᠯᠬᠤ ᠬᠥᠮᠦᠰ ᠭᠠᠵᠠᠷ ᠰᠠᠢ ᠦᠭᠡᠢ ᠬᠠᠷᠠᠭᠳᠠᠵᠦ᠂ ᠪᠡᠶ᠎ᠡ ᠴᠢᠭᠢᠷᠠᠭᠵᠢᠭᠤᠯᠬᠤ ᠨᠢ ᠨᠢᠭᠡᠨᠲᠡ ᠨᠢᠭᠡ ᠵᠦᠢᠯ ᠤᠨ ᠰᠢᠨ᠎ᠡ ᠤᠷᠤᠰᠬᠠᠯ ᠪᠣᠯᠵᠤ᠂ ᠬᠦᠬᠡᠬᠤᠳᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠪᠴᠢᠷᠠᠭᠰᠠᠨ ᠬᠤᠪᠢᠷᠠᠯᠲᠠ ᠶᠢ ᠠᠷᠠᠳ ᠢᠷᠭᠡᠨ ᠳᠤ ᠮᠡᠳᠡᠷᠡᠭᠦᠯᠪᠡ᠃    ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ  ᠲᠠᠯᠠᠪᠤᠷ 3257 ᠪᠠᠶᠢᠵᠤ᠂ ᠭᠡᠷ ᠤᠨ ᠭᠠᠳᠠᠨᠠᠬᠢ ᠲᠠᠮᠢᠷ ᠤᠨ ᠲᠠᠯᠠᠪᠤᠷ 12᠂ ᠲᠣᠮᠣ ᠬᠡᠯᠪᠡᠷᠢ ᠶᠢᠨ ᠲᠠᠮᠢᠷ ᠤᠨ ᠲᠠᠯᠠᠪᠠᠢ 2᠂ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠣᠷᠳᠣᠨ 1᠂ ᠪᠠᠷᠢᠮᠵᠢᠶᠠᠲᠤ ᠪᠡᠶ᠎ᠡ ᠶᠢᠨ ᠲᠠᠮᠢᠷ ᠤᠨ ᠲᠠᠯᠠᠪᠠᠢ 13᠂ ᠬᠦᠨᠳᠦ ᠬᠥᠩᠭᠡᠨ ᠲᠠᠮᠢᠷ ᠤᠨ ᠣᠷᠳᠣᠨ 2᠂ ᠬᠦᠨᠳᠦ ᠬᠥᠩᠭᠡᠨ ᠲᠠᠮᠢᠷ ᠤᠨ ᠲᠠᠯᠠᠪᠠᠢ 85᠂ ᠪᠡᠶ᠎ᠡ ᠶᠢᠨ ᠲᠠᠮᠢᠷ ᠤᠨ ᠣᠷᠳᠣᠨ 19᠂ ᠭᠡᠷ ᠳᠣᠲᠣᠷᠠᠬᠢ ᠤᠮᠪᠠᠯᠲᠠ ᠶᠢᠨ ᠣᠷᠳᠣᠨ 22᠂ ᠰᠢᠩᠭᠡᠯᠢᠭ ᠬᠡᠯᠪᠡᠷᠢ ᠶᠢᠨ ᠬᠥᠯ ᠪᠥᠮᠪᠦᠭᠡ ᠶᠢᠨ ᠲᠠᠯᠠᠪᠠᠶ 682 ᠪᠠᠶᠢᠵᠤ᠂ ᠪᠡᠶ᠎ᠡ ᠶᠢᠨ ᠲᠠᠮᠢᠷ ᠤᠨ ᠲᠠᠯᠠᠪᠠᠶ ᠨᠢ 491.5 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ ᠪᠠᠶᠢᠨ᠎ᠠ᠃    ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠶᠢᠨ ᠲᠤᠬᠠᠢ ᠶᠠᠷᠢᠪᠠᠯ᠂ ᠮᠠᠨ ᠤ ᠬᠤᠲᠠ ᠶᠢᠨ ︽ᠨᠢᠭᠡ ᠱᠤᠭᠤᠮ ᠬᠤᠶᠠᠷ ᠪᠦᠰᠡ︾ ᠪᠠᠷ ᠰᠡᠳᠬᠢᠴᠡ ᠪᠣᠯᠭᠠᠭᠰᠠᠨ ᠲᠠᠮᠢᠷ ᠤᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠲᠣᠷᠠᠳᠬᠤ ᠶᠤᠰᠤᠲᠠᠢ᠃ ︽ᠨᠢᠭᠡ ᠱᠤᠭᠤᠮ︾ ᠪᠣᠯ ᠬᠤᠲᠠ ᠲᠣᠭᠤᠷᠢᠭ ᠤᠨ ᠭᠤᠣᠯ ᠶᠡᠭᠡ ᠵᠡᠭᠡᠯᠢ — ᠰᠢᠨᠬᠤᠸᠠ ᠶᠡᠭᠡ ᠵᠡᠭᠡᠯᠢ — ᠵᠥᠩ ᠱᠠᠨ ᠵᠠᠮ ᠤᠨ ᠨᠢᠭᠡ ᠱᠤᠭᠤᠮ ᠪᠣᠯᠤᠨ᠎ᠠ᠃ ᠤᠯᠠᠭᠠᠨᠬᠦᠤ ᠴᠡᠴᠡᠷᠯᠢᠭ᠂ ᠬᠦᠬᠡᠬᠤᠲᠡ ᠴᠡᠴᠡᠷᠯᠢᠭ᠂ ᠰᠢᠨᠬᠤᠸᠠ ᠠᠭᠤᠳᠠᠮ ᠲᠠᠯᠠᠪᠠᠢ᠂ ᠮᠠᠨᠳᠤᠬᠠᠶ ᠴᠡᠴᠡᠷᠯᠢᠭ᠂ ᠥᠪᠥᠷ ᠮᠣᠩᠭᠤᠯ ᠤᠨ ᠦᠵᠡᠭᠦᠯᠦᠯᠭᠡ ᠶᠢᠨ ᠣᠷᠳᠣᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠲᠦᠰᠢᠭᠯᠡᠵᠦ᠂ ᠪᠡᠶ᠎ᠡ ᠶᠢᠨ ᠲᠠᠮᠢᠷ ᠤᠨ ᠴᠡᠴᠡᠷᠯᠢᠭ ᠪᠠ ᠪᠡᠶ᠎ᠡ ᠴᠢᠭᠢᠷᠠᠭᠵᠢᠭᠤᠯᠬᠤ ᠲᠠᠯᠠᠪᠠᠢ ᠶᠢ ᠪᠠᠶᠢᠭᠤᠯᠣᠨ ᠨᠡᠷᠡᠶᠢᠳᠴᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ ᠲᠣᠮᠢᠯᠠᠨ ᠰᠠᠭᠤᠯᠭᠠᠵᠤ ᠪᠡᠶ᠎ᠡ ᠴᠢᠭᠢᠷᠠᠭᠵᠢᠭᠤᠯᠬᠤ ᠲᠠᠮᠢᠷ᠂ ᠬᠦᠷᠳᠦᠲᠦ ᠭᠤᠯᠭᠤᠭᠤᠷ᠂ ᠳᠤᠭᠤᠶ ᠲᠡᠷᠭᠡ᠂ ᠵᠡᠭᠡᠯᠢ ᠶᠢᠨ ᠪᠥᠵᠢᠭ᠂ ᠭᠡᠷ ᠤᠨ ᠭᠠᠳᠠᠨᠠᠬᠢ ᠫᠢᠩᠫᠠᠩ ᠪᠥᠮᠪᠦᠭᠡ ᠵᠡᠷᠭᠡ ᠪᠡᠶ᠎ᠡ ᠴᠢᠭᠢᠷᠠᠭᠵᠢᠭᠤᠯᠬᠤ ᠲᠥᠷᠥᠯ ᠵᠥᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠢ ᠲᠥᠯᠥᠪᠯᠡᠭᠡ ᠲᠠᠢ ᠪᠠᠷ ᠲᠣᠬᠢᠷᠠᠭᠤᠯᠵᠣ᠂ ᠨᠥᠬᠦᠴᠡᠯ ᠲᠠᠢ ᠴᠡᠴᠡᠷᠯᠢᠭ ᠲᠤ ᠵᠢᠵᠢᠭ ᠬᠡᠯᠪᠡᠷᠢ ᠶᠢᠨ ᠪᠡᠶ᠎ᠡ ᠴᠢᠭᠢᠷᠠᠭᠵᠢᠭᠤᠯᠬᠤ ᠣᠷᠳᠣᠨ ᠪᠠᠶᠢᠭᠤᠯᠪᠠ᠃ ︽ᠬᠤᠶᠠᠷ ᠪᠦᠰᠡ︾ ᠶᠢᠨ ᠳᠣᠲᠣᠷ᠎ᠠ᠂ ︽ᠤᠮᠠᠷᠠᠲᠤ ᠪᠦᠰᠡ︾ ᠨᠢ ᠠᠮᠢ ᠠᠬᠤᠢ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠦᠰᠡ ᠪᠣᠯᠵᠤ᠂ ᠳᠠᠯᠠᠨ ᠬᠠᠷ᠎ᠠ ᠠᠭᠤᠯᠠ ᠶᠢᠨ ᠣᠯᠣᠰ ᠤᠨ ᠠᠭᠤᠯᠠ ᠠᠪᠠᠷᠢᠵᠤ ᠪᠡᠶ᠎ᠡ ᠴᠢᠭᠢᠷᠠᠭᠵᠢᠭᠤᠯᠬᠤ ᠵᠠᠮ᠂ ᠵᠠᠯᠠᠭᠤᠴᠤᠳ ᠪᠠᠭᠠᠴᠣᠳ ᠤᠨ ᠠᠮᠢ ᠠᠬᠤᠢ ᠶᠢᠨ ᠬᠦᠷᠢᠶᠡᠯᠡᠩ ᠳᠤ ᠲᠦᠰᠢᠭᠯᠡᠨ᠂ ᠬᠤᠲᠣᠩ ᠠᠷᠠᠳ ᠤᠨ ᠲᠣᠭᠤᠷᠢᠭ ᠤᠨ ᠠᠮᠢ ᠠᠬᠤᠢ ᠶᠢᠨ ᠵᠠᠮ᠂ ᠤᠰᠤᠲᠤ ᠶᠢᠨ ᠣᠢ ᠰᠢᠭᠤᠶ ᠶᠢᠨ ᠴᠡᠴᠡᠷᠯᠢᠭ ᠪᠠ ᠰᠢᠨ᠎ᠡ ᠬᠤᠲᠠ ᠲᠣᠭᠤᠷᠢᠭ ᠤᠨ ᠤᠯᠤᠰ ᠤᠨ ᠲᠡᠰ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢ ᠠᠰᠢᠭᠯᠠᠵᠤ᠂ ᠳᠤᠭᠤᠶ ᠲᠡᠷᠭᠡ ᠤᠨᠤᠵᠤ ᠵᠤᠭᠠᠴᠠᠬᠤ᠂ ᠲᠦᠮᠡᠨ ᠬᠥᠮᠦᠨ ᠠᠭᠤᠯᠠ ᠠᠪᠠᠷᠢᠬᠤ᠂ ᠶᠠᠪᠠᠭᠠᠨ ᠠᠯᠬᠤᠬᠤ᠂ ᠮᠣᠷᠢᠨ ᠮᠡᠷᠭᠡᠵᠢᠯ ᠵᠡᠷᠭᠡ ᠠᠵᠢᠯᠯᠠᠭ᠎ᠠ ᠶᠠᠪᠤᠭᠳᠠᠳᠠᠭ᠃ ︽ᠡᠮᠦᠨ᠎ᠡ ᠪᠦᠰᠡ︾ ᠪᠣᠯ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠦᠰᠡ ᠮᠥᠨ᠂ ᠵᠡᠭᠦᠨᠰᠢ ᠪᠠᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ᠂ ᠪᠠᠷᠠᠭᠤᠨᠰᠢ ᠪᠠᠨ ᠢᠦᠶ ᠴᠢᠤᠸᠠᠨ ᠲᠣᠭᠤᠷᠢᠭ ᠤᠨ ᠣᠰᠣᠨ ᠳᠡᠭᠡᠷᠡᠬᠢ ᠴᠡᠴᠡᠷᠯᠢᠭ ᠪᠠ ᠮᠣᠩᠭᠤᠯ ᠵᠠᠩ ᠦᠢᠯᠡ ᠶᠢᠨ ᠬᠦᠷᠢᠶᠡᠯᠡᠩ ᠂ ᠬᠤᠲᠠ ᠲᠣᠭᠤᠷᠢᠭᠰᠠᠨ ᠤᠰᠤᠨ ᠰᠢᠰᠲ᠋ᠧᠮ ᠤᠨ ᠱᠤᠭᠤᠮ ᠳᠠᠭᠠᠤ ᠪᠠᠶᠢᠭᠤᠯᠤᠭᠰᠠᠨ ᠰᠠᠭᠰᠤᠨ ᠪᠥᠮᠪᠦᠭᠡ ᠶᠢᠨ ᠲᠠᠯᠠᠪᠠᠶ᠂ ᠥᠲᠥᠨ ᠪᠥᠮᠪᠦᠭᠡ ᠶᠢᠨ ᠣᠷᠳᠣᠨ᠂ ᠪᠡᠶ᠎ᠡ ᠴᠢᠭᠢᠷᠠᠭᠵᠢᠭᠤᠯᠬᠤ ᠲᠠᠯᠠᠪᠠᠶ᠂ ᠵᠢᠭᠠᠰᠤ ᠭᠥᠬᠢᠳᠡᠬᠦ ᠬᠦᠷᠢᠶᠡᠯᠡᠩ ᠪᠠ ᠨᠠᠮᠨᠠᠬᠤ ᠲᠠᠯᠠᠪᠠᠶ ᠵᠡᠷᠭᠡ ᠪᠡᠶ᠎ᠡ ᠶᠢᠨ ᠲᠠᠮᠢᠷ ᠤᠨ ᠣᠷᠳᠣᠨ ᠤ ᠲᠥᠬᠦᠭᠡᠷᠦᠮᠵᠢ ᠳᠤ ᠲᠦᠰᠢᠭᠯᠡᠨ᠂ ᠲᠦᠮᠡᠨ ᠬᠥᠮᠦᠨ ᠠᠯᠬᠤᠬᠤ᠂ ᠪᠥᠮᠪᠥᠭᠡᠨ  ᠨᠠᠭᠠᠳᠤᠬᠤ᠂ ᠤᠰᠤᠨ ᠳᠡᠭᠡᠷᠡᠬᠢ ᠪᠡᠶ᠎ᠡ ᠲᠠᠮᠢᠷ ᠪᠠ ᠮᠣᠷᠢ ᠤᠨᠤᠬᠤ᠂ ᠰᠤᠷ ᠬᠠᠷᠪᠤᠬᠤ ᠵᠡᠷᠭᠡ ᠬᠦᠳᠡᠯᠭᠡᠭᠡᠨ  ᠦᠷᠨᠢᠳᠠᠭ᠃  ︵ ᠮᠢᠶᠣᠣ ᠰᠢᠨ︶http://mongol.people.com.cn/15828020.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号