ᠮᠣᠩᠭᠤᠯ ᠡᠮ ᠡᠮᠨᠡᠯᠭᠡ ᠶᠢ ᠪᠡᠭᠡᠵᠢᠩ ᠳᠤ ᠤᠷᠤᠭᠤᠯᠬᠤ ᠠᠵᠢᠯᠯᠠᠭ᠎ᠠ ᠵᠢᠴᠢ ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2020/10/29
     10 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠭᠢᠯᠡᠭᠰᠡᠨ ᠮᠣᠩᠭᠤᠯ ᠡᠮ ᠡᠮᠨᠡᠯᠭᠡ ᠶᠢ ᠪᠡᠭᠡᠵᠢᠩ ᠳᠤ ᠤᠷᠤᠭᠤᠯᠬᠤ ᠠᠵᠢᠯᠯᠠᠭ᠎ᠠ ᠵᠢᠴᠢ ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠬᠤᠲᠠ ᠳᠤ ᠶᠠᠪᠤᠭᠳᠠᠪᠠ᠃       ᠳᠤᠮᠳᠠᠳᠤ ᠶᠢᠨ ᠬᠢᠲᠠᠳ ᠡᠮ ᠡᠮᠨᠡᠯᠭᠡ ᠶᠢᠨ ᠨᠡᠶᠢᠭᠡᠮᠯᠢᠭ ᠤᠨ ᠳᠠᠷᠤᠭ᠎ᠠ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠤᠯ ᠤᠨ ᠳᠠᠷᠤᠭ᠎ᠠ ᠸᠠᠩ ᠭᠦᠸᠧ ᠴᠢᠶᠠᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ ᠶᠣᠰᠣᠯᠠᠯ ᠳᠤ ᠣᠷᠣᠯᠴᠠᠬᠰᠠᠨ ᠪᠦᠭᠡᠳ ᠪᠠᠶᠠᠷ ᠤᠨ ᠦᠭᠡ ᠬᠡᠯᠡᠵᠦ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠶᠣᠰᠣᠯᠠᠯ ᠳᠤ ᠣᠷᠣᠯᠴᠠᠵᠤ᠂ ᠠᠶᠢᠮᠠᠭ ᠤᠨ ᠳᠡᠳ᠋ ᠳᠠᠷᠤᠭ᠎ᠠ ᠰᠠᠷᠠᠨᠴᠢᠮᠡᠭ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃       ᠶᠣᠰᠣᠯᠠᠯ ᠳᠡᠭᠡᠷ᠎ᠡ᠂ ᠸᠠᠩ ᠭᠦᠸᠧ ᠴᠢᠶᠠᠩ᠂ ᠰᠢᠤᠢ ᠬᠤᠩ ᡁᠢ ᠵᠡᠷᠭᠡ ᠤᠳᠤᠷᠢᠳᠤᠯᠭ᠎ᠠ ᠬᠠᠮᠲᠤ ᠪᠠᠷ ᠪᠡᠭᠡᠵᠢᠩ ᠤᠨ ᠮᠣᠩᠭᠤᠯ ᠡᠮᠨᠡᠯᠭᠡ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶᠠᠨ ᠳᠤ ᠫᠠᠶᠢᠰᠠ ᠰᠡᠭᠦᠵᠦ ᠦᠭᠪᠡ᠃ ᠡᠮᠨᠡᠯᠭᠡ ᠶᠢᠨ ᠬᠤᠷᠢᠶᠠᠨ ᠤ ᠮᠣᠩᠭᠤᠯ ᠡᠮᠨᠡᠯᠭᠡ ᠶᠢᠨ ᠤᠯᠠᠮᠵᠢᠯᠠᠯᠲᠤ ᠵᠠᠰᠠᠯᠭ᠎ᠠ᠂ ᠮᠣᠩᠭᠤᠯ ᠡᠮᠴᠢ ᠶᠢᠨ ᠹᠢᠽᠢᠣᠯᠣᠭᠢ ᠶᠢᠨ ᠡᠪᠡᠳᠴᠢᠨ ᠤ ᠵᠦᠶ ᠶᠢᠨ ᠪᠦᠬᠦᠯᠢ ᠴᠣᠭᠴᠠ ᠶᠢᠨ ᠠᠨᠠᠭᠠᠬᠤ ᠤᠬᠠᠭᠠᠨ ᠤ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠵᠠᠢ᠃ ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠦᠨᠳᠦᠰᠦᠲᠡᠨ ᠤ ᠡᠮ ᠡᠮᠨᠡᠯᠭᠡ ᠶᠢᠨ ᠡᠲᠡᠭᠡᠳ ᠠᠴᠠ ᠢᠷᠡᠭᠰᠡᠨ ᠲᠤᠰᠬᠠᠶ ᠮᠡᠷᠭᠡᠵᠢᠯᠲᠡᠨ ᠡᠷᠳᠡᠮᠲᠡᠳ ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠲᠤᠬᠠᠶ ᠶᠠᠷᠢᠶ᠎ᠠ ᠲᠠᠯᠪᠢᠬᠰᠠᠨ ᠪᠦᠭᠡᠳ ᠪᠡᠭᠡᠵᠢᠩ ᠤᠨ ᠮᠣᠩᠭᠤᠯ ᠡᠮᠨᠡᠯᠭᠡ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ ᠨᠢ ᠪᠠᠰᠠ ᠪᠦᠬᠦ ᠣᠷᠣᠨ ᠤ ᠭᠤᠷᠪᠠᠳᠤᠭᠠᠷ ᠳᠡᠰ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠭᠠᠨ ᠤ ᠬᠡᠯᠡᠯᠴᠡᠭᠡᠷ ᠲᠣᠭᠲᠠᠵᠦ᠂ ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠬᠠᠮᠲᠤᠪᠠᠷ ᠠᠬᠢᠭᠤᠯᠤᠨ᠎ᠠ ᠬᠡᠪᠡ᠃       ᠪᠡᠭᠡᠵᠢᠩ ᠤᠨ ᠮᠣᠩᠭᠤᠯ ᠡᠮᠨᠡᠯᠭᠡ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ ᠨᠢ ᠤᠤᠯ ᠳᠠᠭᠠᠨ 1987 ᠣᠨ ᠳᠤ ᠪᠠᠶᠢᠭᠤᠯᠤᠭᠳᠠᠭᠰᠠᠨ ᠰᠢ ᠴᠠᠩ ᠰᠤᠪᠢᠯᠠᠯᠲᠠ ᠶᠢᠨ ᠡᠮᠨᠡᠯᠭᠡ ᠶᠢᠨ ᠬᠤᠷᠢᠶ᠎ᠡ ᠪᠠᠶᠢᠵᠠᠢ᠃ ᠣᠲᠣ ᠰᠢᠯᠢ ᠶᠢᠨ ᠭᠤᠤᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠬᠠᠷᠢᠶᠠᠯᠠᠭᠳᠠᠵᠤ᠂ ᠣᠯᠠᠨ ᠵᠢᠯ ᠤᠨ ᠲᠤᠷᠰᠢ ᠡᠷᠡᠭᠦᠯᠵᠢᠯ ᠤᠨ ᠰᠤᠪᠢᠯᠠᠯᠲᠠ᠂ ᠴᠢᠳᠠᠪᠤᠷᠢᠲᠠᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠬᠦ᠂ ᠤᠬᠠᠭᠤᠯᠤᠨ ᠳᠡᠯᠭᠡᠷᠡᠭᠦᠯᠬᠦ᠂ ᠮᠣᠩᠭᠤᠯ ᠡᠮ ᠡᠮᠨᠡᠯᠭᠡ ᠶᠢᠨ ᠣᠨᠴᠠᠯᠢᠭᠲᠤ  ᠦᠢᠯᠡᠴᠢᠯᠡᠭᠡ ᠬᠢᠬᠦ ᠵᠡᠷᠭᠡ ᠠᠵᠢᠯ ᠤᠨ ᠲᠠᠯ᠎ᠠ ᠪᠠᠷ ᠪᠠᠶᠠᠷᠯᠠᠭᠤᠰᠢᠲᠠᠶ ᠠᠮᠵᠢᠯᠲᠠ ᠣᠯᠤᠭᠰᠠᠨ ᠶᠤᠮ᠃ ᠡᠨᠡ ᠤᠳᠠᠭ᠎ᠠ ᠰᠢ ᠴᠠᠩ ᠰᠤᠪᠢᠯᠠᠯᠲᠠ ᠶᠢᠨ ᠡᠮᠨᠡᠯᠭᠡ ᠶᠢᠨ ᠬᠤᠷᠢᠶ᠎ᠠ ᠨᠢ ᠬᠡᠯᠪᠡᠷᠢ ᠪᠠᠨ ᠬᠤᠪᠢᠷᠠᠭᠤᠯᠤᠨ ᠪᠡᠭᠡᠵᠢᠩ ᠤᠨ ᠮᠣᠩᠭᠤᠯ ᠡᠮᠨᠡᠯᠭᠡ ᠶᠢᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠣᠯᠵᠤ᠂ ᠪᠡᠭᠡᠵᠢᠩ ᠦᠪᠦᠷ ᠮᠣᠩᠭᠤᠯ ᠤᠨ ᠡᠮᠴᠢᠯᠡᠭᠡᠨ ᠤ ᠬᠠᠮᠵᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠤᠢ᠃ ᠳᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ᠪᠡᠭᠡᠵᠢᠩ ᠤᠨ ᠮᠣᠩᠭᠤᠯ ᠡᠮᠨᠡᠯᠭᠡ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ ᠶᠢ ᠮᠣᠩᠭᠤᠯ ᠡᠮ ᠡᠮᠨᠡᠯᠭᠡ ᠶᠢ ᠪᠡᠭᠡᠵᠢᠩ ᠳᠤ ᠣᠷᠣᠭᠤᠯᠬᠤ ᠬᠥᠭᠵᠢᠯᠲᠡ ᠶᠢᠨ ᠴᠢᠬᠤᠯᠠ ᠰᠠᠭᠤᠷᠢᠨ ᠭᠠᠵᠠᠷ᠂ ᠨᠡᠶᠢᠰᠯᠡᠯ ᠤᠨ ᠠᠷᠠᠳ ᠤᠨ ᠮᠣᠩᠭᠤᠯ ᠡᠮ ᠡᠮᠨᠡᠯᠭᠡ ᠶᠢᠨ ᠣᠨᠴᠠᠯᠢᠭᠲᠤ ᠡᠷᠡᠭᠦᠯ ᠮᠡᠨᠳᠦ ᠶᠢᠨ ᠦᠢᠯᠡᠴᠢᠯᠡᠭᠡᠨ ᠤ ᠰᠠᠭᠤᠷᠢᠨ ᠭᠠᠵᠠᠷ᠂ ᠪᠡᠭᠡᠵᠢᠩ ᠦᠪᠦᠷ ᠮᠤᠩᠭᠤᠯ ᠤᠨ ᠮᠣᠩᠭᠤᠯ ᠡᠮ ᠡᠮᠨᠡᠯᠭᠡ ᠶᠢᠨ ᠰᠣᠯᠢᠯᠴᠠᠭ᠎ᠠ ᠬᠠᠮᠲᠤᠷᠠᠯᠴᠠᠭᠠᠨ ᠤ ᠶᠡᠷᠦᠩᠬᠡᠶᠢᠯᠡᠭᠰᠡᠨ ᠲᠠᠪᠴᠠᠩ ᠪᠣᠯᠭᠠᠨ ᠪᠠᠶᠢᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢᠨ ᠰᠠᠶᠢᠨ ᠰᠠᠶᠢᠬᠠᠨ ᠰᠠᠭᠤᠷᠢ ᠵᠢᠴᠢ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠮᠣᠩᠭᠤᠯ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠦᠭᠵᠢᠬᠦᠯᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠣᠩᠭᠤᠯ ᠡᠮ ᠡᠮᠨᠡᠯᠭᠡ ᠶᠢ ᠨᠠᠩ ᠥᠷᠭᠡᠨ ᠠᠭᠤᠳᠠᠮ ᠲᠠᠪᠴᠠᠩ ᠲᠡᠰᠢ ᠬᠥᠭᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠬᠦᠯᠬᠦ ᠪᠤᠯᠤᠨ᠎ᠠ᠃http://mongol.people.com.cn/15827966.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ