ᠮᠠᠨ ᠤ ᠬᠤᠲᠠ ᠣᠯᠠᠨ ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠡᠵᠦ ᠬᠠᠤᠯᠢ ᠠᠴᠠ ᠵᠥᠷᠢᠴᠡᠭᠰᠡᠨ ᠶᠠᠯ᠎ᠠ ᠳᠤ ᠴᠤᠬᠢᠯᠲᠡ ᠦᠭᠭᠦ ᠪᠠ ᠬᠤᠤᠷ ᠲᠠᠲᠠᠭᠰᠠᠳ ᠢ ᠠᠯᠪᠠᠳᠠᠨ ᠴᠡᠭᠡᠷᠯᠡᠭᠦᠯᠬᠦ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/10/30
    ᠬᠥᠬᠡᠬᠤᠲᠠ ᠶᠢᠨ ᠡᠳᠣᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠵᠢᠶᠦ᠋ᠨ︶ ᠰᠤᠷᠪᠤᠯᠵᠢᠯᠠᠭᠴᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠠᠴᠠ ᠣᠶᠢᠯᠠᠭᠠᠭᠰᠠᠨ ᠢᠶᠠᠷ᠂ 29 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠣᠯᠠᠨ ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠡᠵᠦ ᠬᠠᠤᠯᠢ ᠠᠴᠠ ᠵᠥᠷᠢᠴᠡᠭᠰᠡᠨ ᠶᠠᠯ᠎ᠠ ᠳᠤ ᠴᠤᠬᠢᠯᠲᠡ ᠦᠭᠭᠦ ᠪᠠ ᠬᠤᠤᠷ ᠲᠠᠲᠠᠭᠰᠠᠳ ᠢ ᠠᠯᠪᠠᠳᠠᠨ ᠴᠡᠭᠡᠷᠯᠡᠭᠦᠯᠬᠦ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ᠃    ᠣᠶᠢᠯᠠᠭᠠᠭᠰᠠᠨ ᠢᠶᠠᠷ᠂ ᠡᠨᠡ ᠤᠳᠠᠭᠠᠨ ᠤ ᠲᠤᠰᠬᠠᠶ ᠠᠵᠢᠯᠯᠠᠭ᠎ᠠ ᠶᠢᠨ ᠭᠤᠤᠯ ᠡᠭᠦᠷᠭᠡ ᠪᠣᠯ ᠣᠯᠠᠨ ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠠᠵᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠢᠩᠭ᠎ᠠ ᠰᠡᠷᠬᠡᠶᠢᠯᠡᠵᠤ᠂ ᠬᠤᠤᠷ ᠲᠠᠲᠠᠭᠰᠠᠳ ᠢ ᠬᠦᠴᠦᠲᠡᠢ ᠠᠯᠪᠠᠳᠠᠨ ᠴᠡᠭᠡᠷᠯᠡᠭᠦᠯᠵᠦ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠪᠠ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠬᠢᠷᠢ  ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠪᠠᠶᠢᠷᠢᠯᠠᠭᠤᠯᠤᠯᠲᠠ ᠶᠣᠰᠣᠭᠠᠷ᠂ ᠲᠤᠰᠬᠠᠶ ᠠᠵᠢᠯᠯᠠᠭ᠎ᠠ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠯᠢ ᠣᠯᠠᠨ ᠲᠦᠷᠭᠡᠨ ᠤ ᠪᠣᠭᠤᠮᠲᠠ ᠰᠢᠪᠲᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠤᠯᠠᠭᠠᠶᠢᠯᠠᠨ ᠳᠡᠭᠡᠷᠡᠮᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠯᠠᠩᠭᠤᠶ᠎ᠠ ᠬᠤᠲᠠ ᠬᠥᠳᠡᠭᠡ ᠶᠢᠨ ᠠᠭᠤᠯᠵᠠᠷ ᠭᠠᠵᠠᠷ᠂ ᠬᠤᠲᠠ ᠶᠢᠨ ᠳᠤᠮᠳᠠᠬᠢ ᠲᠣᠰᠬᠤᠨ᠂ ᠬᠤᠳᠠᠯᠳᠤᠭᠠᠨ ᠤ ᠲᠠᠯᠠᠪᠠᠢ᠂ ᠲᠡᠷᠭᠡᠨ ᠥᠷᠲᠡᠭᠡ ᠵᠡᠷᠭᠡ ᠭᠤᠤᠯᠳᠠᠯᠭ᠎ᠠ ᠲᠠᠢ ᠣᠷᠣᠨ ᠪᠦᠰᠡ ᠪᠠ ᠭᠠᠵᠠᠷ ᠲᠤ ᠡᠭᠦᠷᠯᠡᠵᠦ ᠪᠠᠶᠢᠭ᠎ᠠ ᠬᠤᠯᠠᠭᠠᠶᠢᠯᠠᠭᠰᠠᠨ᠂ ᠲᠡᠷᠭᠡᠨ ᠳᠣᠲᠣᠷᠠᠬᠢ ᠡᠳ᠋ ᠬᠤᠭᠰᠢᠯ ᠢ ᠬᠤᠯᠠᠭᠠᠶᠢᠯᠠᠭᠰᠠᠨ᠂ ᠵᠡᠭᠡᠯᠢ ᠭᠤᠳᠤᠮᠵᠢ ᠪᠠᠷ ᠮᠡᠬᠡᠯᠡᠭᠰᠡᠨ᠂ ᠪᠤᠯᠢᠶᠠᠭᠰᠠᠨ ᠵᠡᠷᠭᠡ ᠶᠠᠯᠠᠲᠤ ᠪᠦᠯᠦᠭᠯᠡᠯ ᠳᠤ ᠲᠤᠤᠷᠯᠠᠬᠤ ᠮᠠᠶ᠋ᠢᠭ ᠤᠨ  ᠱᠦᠭᠦᠨ ᠪᠠᠶᠢᠴᠠᠭᠠᠯᠲᠠ ᠶᠢ ᠥᠷᠨᠢᠭᠦᠯᠵᠦ᠂ ᠰᠦᠪᠡᠭᠴᠢ ᠳᠠᠭᠠᠤ ᠭᠦᠨ ᠠᠭᠤᠳᠠᠯᠬᠤ ᠶᠢᠨ ᠬᠠᠮᠲᠤ᠂ ︽ᠨᠢᠭᠡ ᠪᠦᠯᠦᠭ ᠬᠡᠷᠡᠭ ᠢ ᠳᠡᠩᠨᠡᠨ ᠢᠯᠡᠷᠡᠭᠦᠯᠵᠦ᠂ ᠨᠢᠭᠡ ᠪᠦᠯᠦᠭ ᠰᠡᠵᠢᠭᠳᠡᠨ ᠢ ᠪᠠᠷᠢᠪᠴᠢᠯᠠᠵᠤ᠂ ᠨᠢᠭᠡ ᠪᠦᠯᠦᠭ ᠭᠤᠤᠯᠳᠠᠯᠭ᠎ᠠ ᠲᠠᠢ ᠭᠠᠵᠠᠷ ᠣᠷᠣᠨ ᠢ ᠴᠡᠭᠴᠡᠯᠡᠨ ᠵᠠᠰᠠᠵᠤ᠂ ᠨᠢᠭᠡ ᠪᠦᠯᠦᠭ ᠪᠤᠵᠠᠷ ᠵᠣᠭᠤᠰ ᠪᠤᠵᠠᠷ ᠡᠳ᠋ ᠢ ᠡᠭᠡᠭᠦᠯᠦᠨ ᠪᠤᠴᠠᠭᠠᠬᠤ︾ ᠬᠠᠷᠠᠯᠲᠠ ᠶᠢ ᠡᠷᠡᠰ ᠪᠡᠶᠡᠯᠡᠭᠦᠯᠦᠨ᠎ᠡ᠃    ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠᠷ ᠭᠤᠤᠯᠳᠠᠯᠭ᠎ᠠ ᠶᠢᠨ ᠨᠢᠭᠡ ᠪᠣᠯᠭᠠᠨ᠎ᠠ᠃ ᠡᠶᠢᠮᠦ ᠠᠴᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠡᠬᠡᠯᠡᠯ ᠢ ᠡᠰᠡᠷᠭᠦᠴᠡᠬᠦ ᠲᠥᠪ ᠤᠨ ᠠᠵᠢᠯᠲᠠᠨ ᠪᠣᠯᠤᠨ ᠲᠤᠰᠢᠶᠠᠯ ᠬᠠᠷᠢᠭᠤᠴᠠᠯᠭ᠎ᠠ ᠶᠢᠨ ᠡᠭᠦᠷᠭᠡ ᠶᠢ ᠳᠠᠬᠢᠨ ᠲᠣᠬᠢᠷᠠᠭᠤᠯᠵᠤ᠂ ᠡᠯ᠎ᠡ ᠴᠠᠭᠳᠠᠭᠠᠨ ᠤ ᠲᠥᠷᠥᠯ᠂ ᠡᠯ᠎ᠡ ᠰᠠᠯᠠᠭ᠎ᠠ ᠮᠥᠴᠢᠷ᠂ ᠡᠯ᠎ᠡ ᠬᠤᠪᠢᠶᠠᠷᠢ ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠡᠬᠢ ᠪᠠᠶᠠᠯᠢᠭ ᠪᠣᠯᠤᠨ ᠠᠵᠢᠯ ᠤᠨ ᠬᠦᠴᠦᠨ ᠢ ᠨᠢᠬᠡᠳᠬᠡᠵᠤ᠂ ᠪᠤᠳᠠᠳᠤ ᠴᠤᠭᠴᠠᠵᠢᠭᠤᠯᠤᠨ ᠠᠵᠢᠯᠯᠠᠭᠤᠯᠵᠤ᠂ ᠪᠦᠬᠦᠯᠢ ᠴᠣᠭᠴᠠ ᠶᠢᠨ ᠪᠠᠶᠢᠯᠳᠤᠭᠠᠨ᠂ ᠨᠡᠶᠢᠯᠡᠮᠡᠯ ᠪᠠᠶᠢᠯᠳᠤᠭᠠᠨ᠂ ᠲᠤᠭ᠎ᠠ ᠪᠠᠷᠢᠮᠲᠠ ᠶᠢᠨ ᠪᠠᠶᠢᠯᠳᠤᠭᠠᠨ ᠢ ᠴᠢᠷᠮᠠᠶᠢᠨ ᠰᠠᠶᠢᠲᠤᠷ ᠬᠢᠨ᠎ᠡ᠃ ᠲᠤᠰᠬᠠᠶ ᠠᠵᠢᠯᠯᠠᠭ᠎ᠠ ᠳᠤᠮᠳᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠰᠠ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠮᠡᠬᠡᠯᠡᠬᠦ ᠶᠢ ᠰᠡᠷᠭᠡᠶᠢᠯᠡᠬᠦ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠦᠷᠭᠦᠯᠵᠢ ᠬᠡᠷᠡᠭᠯᠡᠳᠡᠭ ᠠᠷᠭ᠎ᠠ ᠪᠠᠰᠢᠷ ᠢ ᠢᠯᠡᠴᠢᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠥᠷᠭᠡᠨ ᠤᠯᠠᠨ ᠲᠦᠮᠡᠨ ᠤ ᠮᠡᠬᠡᠯᠡᠯ ᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃     ᠡᠬᠦᠨ ᠤ ᠬᠠᠮᠳᠣ᠂ ᠲᠤᠰᠬᠠᠶ ᠠᠵᠢᠯᠯᠠᠭ᠎ᠠ ᠨᠢ ᠬᠤᠤᠷᠲᠤ ᠡᠳ᠋ ᠲᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠤᠷ ᠲᠠᠲᠠᠬᠤ ᠶᠢ ᠴᠡᠭᠡᠷᠯᠡᠬᠦ ᠶᠢ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠠᠵᠢᠯᠯᠠᠭ᠎ᠠ ᠣᠯᠠᠨ ᠡᠭᠦᠰᠬᠦ ᠶᠢ ᠬᠤᠷᠢᠭᠯᠠᠬᠤ ᠴᠢᠬᠤᠯᠠ ᠭᠠᠷᠳᠠᠴᠠ ᠪᠣᠯᠭᠠᠵᠤ᠂ ᠡᠯ᠎ᠡ ᠲᠥᠷᠥᠯ ᠤᠨ ᠰᠡᠵᠢᠭᠳᠡᠨ ᠢ ᠴᠥᠮ ︽ ᠰᠡᠵᠢᠭᠯᠡᠭᠳᠡᠪᠡᠯ ᠵᠠᠪᠠᠯ ᠪᠠᠶᠢᠴᠠᠭᠠᠬᠤ ᠬᠡᠷᠡᠭᠲᠡᠶ︾ ᠭᠡᠵᠦ ᠱᠠᠭᠠᠷᠳᠠᠵᠠᠶ᠃ ᠢᠯᠡᠷᠡᠭᠦᠯᠦᠭᠰᠡᠨ ᠬᠤᠤᠷᠲᠤ ᠡᠳ᠋ ᠲᠤ ᠬᠤᠯᠪᠣᠭᠳᠠᠭᠰᠠᠨ ᠬᠥᠮᠦᠰ ᠤᠨ ᠬᠤᠷᠢᠶᠠᠬᠤ ᠶᠣᠰᠣᠲᠠᠶ ᠶᠢ ᠪᠦᠬᠦᠨ ᠢ ᠬᠤᠷᠢᠶᠠᠵᠤ᠂ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠂ ︽ᠬᠥᠭᠰᠢᠨ ᠪᠠᠭᠤᠷᠠᠶ ᠡᠪᠡᠳᠴᠢᠲᠡᠶ ᠵᠡᠮᠳᠡᠭ ᠬᠥᠮᠦᠨ︾ ᠤ ᠬᠤᠤᠷᠲᠤ ᠡᠳ᠋ ᠲᠤ ᠬᠤᠯᠪᠣᠭᠳᠠᠭᠰᠠᠨ ᠬᠥᠮᠦᠰ ᠢ ᠴᠢᠩᠭ᠎ᠠ  ᠬᠠᠮᠢᠶᠠᠷᠤᠨ ᠡᠵᠡᠮᠳᠡᠵᠦ᠂ ᠨᠡᠶᠢᠭᠡᠮ ᠳᠤ ᠦᠵᠡᠬᠦᠯᠬᠦ ᠬᠤᠤᠷ ᠬᠥᠨᠥᠭᠡᠯ ᠢ ᠴᠢᠩᠭ᠎ᠠ ᠰᠡᠷᠭᠡᠶᠢᠯᠡᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠪᠠ ᠠᠮᠤᠷ ᠢ ᠬᠠᠮᠠᠭᠠᠯᠠᠬᠤ ᠪᠠᠶᠢᠴᠠᠭᠠᠯᠲᠠ ᠶᠢ ᠴᠢᠩᠭ᠎ᠠ ᠠᠳᠬᠤᠵᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠬᠠᠷᠠᠭᠤᠯᠵᠤ᠂ ᠬᠤᠲᠠ ᠬᠥᠳᠡᠭᠡ ᠶᠢᠨ ᠠᠭᠤᠯᠵᠠᠷ᠂ ᠬᠤᠲᠠ ᠶᠢᠨ ᠳᠤᠮᠳᠠᠬᠢ ᠲᠣᠰᠬᠤᠨ᠂ ᠪᠠᠷᠢᠯᠭ᠎ᠠ ᠶᠢᠨ ᠭᠠᠵᠠᠷ ᠵᠡᠷᠭᠡ  ᠭᠤᠣᠯᠳᠠᠯᠭ᠎ᠠ  ᠲᠠᠢ ᠭᠠᠵᠠᠷ ᠣᠷᠣᠨ ᠢ ᠴᠢᠩᠭ᠎ᠠ ᠬᠠᠮᠢᠶᠠᠷᠴᠤ ᠴᠢᠩᠭ᠎ᠠ  ᠡᠵᠡᠮᠳᠡᠵᠦ᠂ ᠳᠤᠮᠳᠠ ᠪᠠᠭ᠎ᠠ ᠪᠠᠭᠤᠳᠠᠯ᠂ ᠳᠠᠭᠤᠤ ᠪᠥᠵᠢᠭ ᠵᠤᠭ᠎ᠠ  ᠴᠡᠩᠭᠡᠯ ᠤᠨ ᠭᠠᠵᠠᠷ᠂ ᠤᠬᠢᠶᠠᠯᠭ᠎ᠠ ᠢᠯᠢᠯᠭᠡ ᠤᠨ ᠭᠠᠵᠠᠷ᠂ ᠭᠡᠷ ᠪᠠᠶᠢᠰᠢᠩ ᠲᠦᠷᠢᠶᠡᠰᠦᠯᠡᠬᠦ ᠵᠡᠷᠭᠡ ᠭᠤᠤᠯᠳᠠᠯᠭ᠎ᠠ ᠲᠠᠢ ᠲᠠᠯᠠᠪᠤᠷ ᠢ ᠴᠢᠩᠭ᠎ᠠ ᠬᠠᠮᠢᠶᠠᠷᠴᠤ᠂ ᠡᠯ᠎ᠡ ᠲᠦᠷᠦᠯ ᠤᠨ ᠭᠤᠤᠯᠳᠠᠯᠭ᠎ᠠ ᠲᠠᠢ ᠠᠵᠢᠯ  ᠢ ᠴᠢᠩᠭ᠎ᠠ ᠬᠠᠮᠢᠶᠠᠷᠤᠨ ᠴᠢᠩᠭ᠎ᠠ  ᠡᠵᠡᠮᠳᠡᠵᠦ᠂ ᠠᠮᠤᠷ ᠲᠦᠪᠰᠢᠨ ᠤ ᠲᠤᠮᠳᠠᠬᠢ ᠡᠮᠬᠢ ᠵᠠᠮᠪᠠᠷᠠᠭ᠎ᠠ ᠦᠭᠡᠢ ᠪᠠᠶᠢᠳᠠᠯ ᠢ ᠲᠦᠢᠯᠪᠤᠷᠢᠲᠠᠶ ᠴᠡᠭᠴᠡᠯᠡᠨ ᠵᠠᠰᠠᠨ᠎ᠠ᠃http://mongol.people.com.cn/15828237.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号