ᠰᠢᠨ᠎ᠡ ᠬᠤᠲᠠ ᠲᠣᠭᠤᠷᠢᠭ ︽ᠨᠠᠮ ᠤᠨ ᠪᠠᠶᠢᠭᠤᠯᠤᠯᠲᠠ + N︾ ᠢ ᠪᠥᠬᠦ ᠲᠠᠯ᠎ᠠ ᠪᠠᠷ ᠬᠡᠷᠡᠭᠵᠢᠭᠦᠯᠵᠦ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2020/10/30
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶ ᠣᠶᠢᠷ᠎ᠠ ᠶᠢᠨ ᠵᠢᠯ ᠤᠳ ᠲᠤ᠂ ᠰᠢᠨ᠎ᠡ ᠬᠤᠲᠠ ᠲᠣᠭᠤᠷᠢᠭ ︽ᠰᠢᠨ᠎ᠡ ᠬᠤᠲᠠ ᠲᠣᠭᠤᠷᠢᠭ ᠤᠨ 2020 ᠣᠨ ᠤ ᠲᠣᠰᠬᠤᠨ ᠤ ᠬᠠᠮᠲᠤ ᠶᠢᠨ ᠠᠵᠤ ᠠᠬᠤᠶ ᠶᠢ ᠭᠤᠤᠯᠳᠠᠯᠭ᠎ᠠ ᠲᠠᠢ ᠲᠡᠳᠬᠦᠨ ᠬᠥᠭᠵᠢᠭᠦᠯᠵᠦ ᠪᠤᠵᠠᠭᠠᠶᠢᠷᠠᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ︽ᠨᠠᠮ ᠤᠨ ᠪᠠᠶᠢᠭᠤᠯᠤᠯᠲᠠ + N︾ ᠢ ᠬᠡᠷᠡᠭᠵᠢᠭᠦᠯᠦᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠡᠯ᠎ᠡ ᠲᠣᠰᠬᠤᠨ ᠤ ᠪᠣᠳᠠᠲᠤ ᠪᠠᠶᠢᠳᠠᠯ ᠢᠶᠠᠨ ᠦᠡᠳᠦᠰᠦᠯᠡᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠨ ᠤ ᠬᠥᠭᠵᠢᠯᠲᠡ ᠶᠢᠨ ᠲᠥᠯᠥᠪᠯᠡᠭᠡ ᠲᠤᠬᠳᠠᠭᠠᠬᠤ ᠶᠢ ᠵᠢᠯᠤᠭᠤᠳᠴᠤ᠂ ᠬᠠᠮᠲᠤ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠪᠠ᠃ ᠨᠢᠭᠡ ᠳᠤ ︽ᠨᠠᠮ ᠤᠨ ᠪᠠᠶᠢᠭᠤᠯᠤᠯᠲᠠ + ᠬᠤᠷᠰᠢᠶᠠᠵᠢᠯ︾ ᠤᠨ ᠵᠠᠭᠪᠤᠷ ᠢ ᠬᠡᠷᠡᠭᠵᠢᠭᠦᠯᠪᠠ᠃ ᠮᠢᠶᠠᠨ ᠫᠦ᠋ ᠶᠣᠣ ᠲᠣᠰᠬᠤᠨ᠂ ᠰᠡᠩᠭᠡ ᠠᠶᠢᠯ᠂ ᠱᠦᠢ ᠴᠢᠤᠸᠠᠨ ᠲᠣᠰᠬᠤᠨ ᠵᠡᠷᠭᠡ ᠵᠠᠰᠠᠭ ᠵᠠᠬᠢᠷᠭᠠᠨ ᠤ ᠲᠣᠰᠬᠤᠨ ᠳᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠢ ᠪᠠᠶᠢᠭᠤᠯᠵᠤ᠂ ᠦᠵᠡᠮᠦᠷᠢ ᠶᠢᠨ ᠴᠡᠴᠡᠭ ᠬᠤᠸᠠᠷ᠂ ᠲᠡᠭᠦᠭᠦ ᠳᠤ ᠵᠤᠷᠢᠭᠤᠯᠤᠬᠰᠠᠨ ᠵᠢᠮᠢᠰ ᠨᠣᠭᠤᠭ᠎ᠠ ᠵᠡᠷᠭᠡ ᠠᠵᠤ ᠠᠬᠤᠢ ᠶᠢᠨ ᠲᠠᠷᠢᠮᠠᠯ ᠢ ᠶᠡᠬᠡᠪᠡᠷ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠠᠬᠢᠭᠤᠯᠪᠠ᠃      ᠬᠤᠶᠠᠷ ᠲᠤ ︽ᠨᠠᠮ ᠤᠨ ᠪᠠᠶᠢᠭᠤᠯᠤᠯᠲᠠ + ᠣᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ︾ ᠤᠨ ᠵᠠᠭᠪᠤᠷ ᠢ ᠬᠡᠷᠡᠭᠵᠢᠭᠦᠯᠪᠠ᠃ ᠳ᠋ᠠ ᠶᠣᠣ ᠲᠣᠰᠬᠤᠨ ᠢ 2020 ᠣᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠭᠤᠤᠯᠳᠠᠯᠭ᠎ᠠ ᠲᠠᠢ ᠲᠡᠳᠬᠦᠬᠦ ᠡᠲᠡᠭᠡᠳ ᠪᠣᠯᠭᠠᠨ ᠲᠣᠭᠲᠠᠭᠠᠵᠤ᠂ ᠲᠣᠰᠬᠤᠨ ᠤ ᠬᠠᠮᠲᠤ ᠶᠢᠨ ᠠᠵᠤ ᠦᠢᠯᠡᠰ ᠤᠨ ᠣᠨᠴᠠᠯᠢᠭ ᠢ ᠦᠨᠳᠦᠰᠦᠯᠡᠨ ︽ᠶᠤᠤ ᡁᠢ ᠰᠢᠶᠠᠨ︾ ᠤᠳᠪᠠᠯᠠ ᠶᠢᠨ ᠴᠠᠶ᠂ ︽ᠳ᠋ᠠ ᠶᠤᠤ ᠰᠤᠶᠤᠯ︾ ᠵᠡᠷᠭᠡ ᠣᠨᠴᠠᠯᠢᠭᠲᠤ ᠲᠥᠷᠥᠯ ᠲᠡᠮᠳᠡᠭ ᠢ ᠢᠳᠡᠪᠬᠢᠲᠡᠶ ᠤᠬᠠᠭᠤᠯᠤᠨ ᠳᠡᠯᠭᠡᠷᠡᠭᠦᠯᠵᠦ ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠰᠢᠨ᠎ᠡ ᠬᠤᠲᠠ ᠲᠣᠭᠤᠷᠢᠭ ᠤᠨ ᠭᠤᠷᠪᠠᠨ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠨᠡᠶᠢᠲᠡ 125 ᠲᠦᠮᠡᠨ ᠲᠥᠭᠦᠷᠢᠭ ᠤᠨ ᠲᠡᠳᠬᠦᠬᠦ ᠪᠡᠯᠡ ᠮᠥᠩᠭᠦ ᠪᠠᠭᠤᠯᠭᠠᠨ ᠥᠭᠴᠦ᠂ ᠲᠣᠰᠬᠤᠨ ᠤ ᠬᠠᠮᠲᠤ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠠ᠃      ᠭᠤᠷᠪᠠ ᠳᠤ ︽ᠨᠠᠮ ᠤᠨ ᠪᠠᠶᠢᠭᠤᠯᠤᠯᠲᠠ + ᠤᠨᠴᠠᠯᠢᠭᠳᠤ ᠠᠵᠤ ᠦᠢᠯᠡᠰ︾ ᠤᠨ ᠵᠠᠭᠪᠤᠷ ᠢ ᠬᠡᠷᠡᠭᠵᠢᠭᠦᠯᠪᠠ ᠃ ᠱᠦᠢ ᠴᠢᠤᠸᠠᠨ ᠲᠣᠰᠬᠤᠨ ᠲᠤᠷᠰᠢᠯᠲᠠ ᠶᠢᠨ ᠴᠢᠬ ᠪᠣᠯᠤᠭᠰᠠᠨ ᠤ ᠬᠤᠪᠢ ᠳᠤ ᠬᠥᠬᠡᠬᠤᠲᠠ ᠶᠢᠨ ᠴᠢᠩ ᠴᠢᠤᠸᠠᠨ ᠲᠠᠷᠢᠶᠠᠯᠠᠩ ᠤᠨ ᠬᠤᠷᠰᠢᠶᠠᠵᠢᠯ ᠢ ᠪᠠᠶᠢᠭᠤᠯᠵᠤ᠂ ᠰᠤᠯᠠ ᠬᠠᠶᠠᠬᠳᠠᠵᠤ ᠪᠠᠶᠢᠭ᠎ᠠ ᠭᠠᠵᠠᠷ ᠰᠢᠷᠣᠶ ᠶᠢ ᠲᠡᠭᠰᠢᠯᠡᠨ 225 ᠮᠥ ᠴᠠᠭᠠᠨ ᠤᠳᠪᠠᠯᠠ ᠳᠠᠷᠢᠵᠤ᠂ ᠪᠥᠬᠦ ᠵᠢᠯ ᠤᠨ ᠣᠷᠣᠯᠭ᠎ᠠ ᠨᠢ ᠵᠢᠱᠢᠯᠲᠡ ᠪᠠᠷ 55 ᠲᠦᠮᠡᠨ ᠲᠥᠭᠦᠷᠢᠭ ᠲᠤ ᠬᠦᠷᠦᠨ᠎ᠠ︔ ᠥᠪᠥᠷ ᠮᠣᠩᠭᠤᠯ ᠤᠨ ᠰᠢᠩ ᠴᠢᠤᠸᠠᠨ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠪᠦᠬᠦ ᠲᠣᠰᠬᠤᠨ ᠤ ᠰᠤᠯᠠ ᠪᠠᠶᠢᠭ᠎ᠠ 33 ᠤᠷᠤᠨ ᠰᠠᠭᠤᠴᠠ ᠶᠢᠨ ᠬᠦᠷᠢᠶᠡᠯᠡᠩ ᠤᠨ 65 ᠲᠠᠰᠤᠯᠭ᠎ᠠ ᠬᠡᠷ ᠢ ᠲᠦᠷᠢᠶᠡᠰᠦᠯᠡᠨ ᠬᠡᠷᠡᠭᠯᠡᠵᠦ᠂ ᠣᠳᠣ ᠦᠶ᠎ᠡ ᠶᠢᠨ ᠠᠷᠠᠳ ᠤᠨ ᠰᠠᠭᠤᠴᠠ᠂ QQ ᠨᠤᠭᠤᠭ᠎ᠠ ᠶᠢᠨ ᠬᠦᠷᠢᠶᠡᠯᠡᠩ᠂ ᠦᠵᠡᠮᠵᠢ ᠶᠢᠨ ᠰᠠᠷᠭᠠᠶ ᠴᠡᠴᠡᠭ ᠲᠡᠭᠦᠬᠦ ᠬᠦᠷᠢᠶᠡᠯᠡᠩ ᠵᠡᠷᠭᠡ ᠲᠥᠷᠥᠯ ᠵᠦᠢᠯ ᠢ ᠡᠬᠢᠯᠡᠭᠦᠯᠵᠦ᠂ ᠬᠤᠸᠠᠩ ᠶᠠᠩ ᠱᠠᠨ ᠰᠢᠭᠤᠶᠢᠲᠤ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ᠂ 300 ᠭᠠᠷᠤᠶ ᠲᠠᠷᠢᠶᠠᠴᠢᠳ ᠢ ᠬᠠᠪᠰᠤᠷᠤᠨ ᠣᠶᠢᠷ᠎ᠠ ᠬᠠᠪᠢ ᠳᠤᠨᠢ ᠠᠵᠢᠯ ᠣᠯᠭᠤᠬᠤ ᠶᠢ ᠪᠡᠶᠡᠯᠡᠭᠦᠯᠵᠦ᠂ ᠪᠠᠶᠠᠷ ᠳᠤᠷᠠᠰᠬᠠᠯ ᠤᠨ ᠡᠳᠦᠷ ᠤᠨ ᠵᠢᠭᠤᠯᠴᠢᠯᠠᠭᠰᠠᠳ ᠤᠨ ᠲᠤᠭ᠎ᠠ ᠡᠳᠦᠷ ᠪᠦᠷᠢ 200 ᠳᠤ ᠬᠦᠷᠴᠦ᠂ ᠬᠦᠳᠡᠭᠡ ᠨᠤᠳᠤᠬᠴᠢᠯᠠᠬᠰᠠᠨ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃ ᠣᠳᠣᠬᠠᠨ ᠳᠤ ᠱᠦᠢ ᠴᠢᠤᠸᠠᠨ ᠲᠣᠰᠬᠤᠨ ᠨᠢ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠪ ᠵᠢᠱᠢᠶ᠎ᠠ ᠦᠵᠡᠭᠦᠯᠭᠦ ᠲᠣᠰᠬᠤᠨ ᠢᠶᠠᠷ ᠦᠨᠡᠯᠡᠭᠳᠡᠪᠡ᠃http://mongol.people.com.cn/15828373.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号