ᠥᠪᠥᠷ ᠮᠣᠩᠭᠤᠯ ᠣᠷᠣᠨ ᠰᠠᠪᠬ᠎ᠠ ᠳᠤ ᠠᠳᠠᠯᠢᠳᠬᠠᠯ ᠲᠤᠷᠰᠢᠯᠲᠠ ᠬᠢᠪᠡ ᠶᠡᠷᠦᠩᠬᠡᠶ ᠳᠡᠭᠡᠨ ᠬᠢᠷᠢ ᠳᠡᠩᠴᠡᠬᠦ ᠨᠣᠷᠮ᠎ᠠ ᠨᠢ 70% ᠪᠠᠶᠢᠨ᠎ᠠ
ᠨᠡᠶᠢᠲᠡᠯᠡᠭᠰᠡᠨ ᠴᠠᠭ᠄
2020/10/30
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠣᠤ ᠶᠠᠨ︶  ᠤᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠠᠴᠠ ᠵᠠᠬ᠎ᠠ ᠳᠡᠯᠭᠡᠭᠦᠷ ᠳᠡᠭᠡᠷ᠎ᠡ  ᠪᠤᠷᠤᠯᠠᠭᠤᠯᠵᠦ ᠪᠠᠶᠢᠭ᠎ᠠ ᠡᠯ᠎ᠡ  ᠵᠥᠢᠯ ᠤᠨ ᠮᠠᠲ᠋ᠧᠷᠢᠶᠠᠯᠳᠤ ᠰᠠᠪᠬ᠎ᠠ ᠳᠤ  ᠠᠳᠠᠯᠢᠳᠬᠠᠯ ᠲᠤᠷᠰᠢᠯᠲᠠ ᠬᠢᠵᠡᠶ      ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠠᠳᠠᠯᠢᠳᠬᠠᠯ ᠲᠤᠷᠰᠢᠯᠲᠠ ᠳᠤ ᠬᠤᠯᠤᠰᠤ ᠮᠣᠳᠣᠨ ᠰᠠᠪᠬ᠎ᠠ᠂ ᠨᠢᠭᠲᠠ ᠠᠮᠢᠨ ᠰᠦᠯᠢᠶᠣᠣ ᠶᠢᠨ ᠰᠠᠪᠬ᠎ᠠ᠂ ᠵᠢᠪᠡᠷᠡᠬᠦ ᠦᠭᠡᠢ ᠪᠣᠯᠣᠳ ᠰᠠᠪᠬ᠎ᠠ ᠵᠢᠴᠢ ᠬᠠᠶᠢᠯᠤᠰᠢ ᠰᠠᠪᠬ᠎ᠠ ᠵᠡᠷᠭᠡ 4 ᠵᠦᠢᠯ ᠤᠨ ᠮᠠᠲ᠋ᠧᠷᠢᠶᠠᠯ   ᠤᠨ ᠨᠡᠶᠢᠲᠡ 20 ᠵᠦᠢᠯ ᠤᠨ ᠰᠠᠪᠬ᠎ᠠ ᠶᠢ ᠰᠣᠩᠭᠤᠨ ᠠᠪᠴᠤ ᠠᠳᠠᠯᠢᠳᠬᠠᠭᠰᠠᠨ ᠳᠤ ᠪᠤᠢ ᠪᠦᠬᠦᠢ ᠪᠦᠲᠦᠭᠡᠭᠳᠡᠬᠦᠨ ᠢ ᠴᠥᠮ ᠥᠪᠥᠷ ᠮᠣᠩᠭᠤᠯ ᠠᠴᠠ ᠭᠠᠳᠠᠨᠠᠬᠢ ᠭᠠᠵᠠᠷ ᠣᠷᠣᠨ ᠳᠤ ᠦᠢᠯᠡᠳᠪᠤᠷᠢᠯᠡᠵᠦ᠂  ᠯᠢ ᠱᠦᠶ᠂ ᠱᠠᠨᠲ᠋ᠧᠦ᠂ ᠭᠤᠸᠠᠩᠵᠧᠦ ᠵᠡᠷᠭᠡ ᠭᠠᠵᠠᠷ ᠣᠷᠣᠨ ᠳᠤ  ᠬᠤᠯᠪᠤᠭᠳᠠᠵᠦ ᠪᠠᠶᠢᠯ᠎ᠠ᠃ ᠡᠭᠦᠨ ᠳᠤ 14  ᠵᠥᠢᠯ ᠢ ᠨᠢ ᠪᠣᠳᠠᠲᠤ ᠴᠣᠭᠴᠠᠲᠤ ᠳᠡᠯᠭᠡᠭᠦᠷ  ᠪᠤᠷᠤᠯᠠᠭᠤᠯᠵᠦ᠂ 6  ᠵᠥᠢᠯ ᠢ ᠨᠢ ᠡᠯᠧᠺᠲᠷᠣᠨ ᠬᠤᠳᠠᠯᠳᠤᠭᠠᠨ ᠤ ᠲᠠᠪᠴᠠᠩ  ᠳᠤ ᠪᠤᠷᠤᠯᠠᠭᠤᠯᠵᠦ ᠪᠠᠶᠢᠨ᠎ᠠ᠃ ᠲᠣᠰ ᠤᠳᠠᠭᠠᠨ ᠤ ᠠᠳᠠᠯᠢᠳᠬᠠᠭᠰᠠᠨ‌‍ᠲ᠋ᠤᠷᠰᠢᠯᠲᠠ ᠨᠢ ᠹᠢᠽᠢᠺ ᠤᠨ ᠲᠠᠯ᠎ᠠ ᠂ ᠮᠠᠲ᠋ᠧᠷᠢᠶᠠᠯ ᠤᠨ ᠬᠢᠮᠢ ᠶᠢᠨ ᠠᠮᠤᠷ ᠲᠦᠪᠰᠢᠨ ᠤ ᠲᠠᠯ᠎ᠠ᠂ ᠮᠢᠺᠷᠣᠪ ᠤᠨ ᠠᠮᠤᠷ ᠲᠦᠪᠰᠢᠨ ᠤ ᠲᠠᠯ᠎ᠠ᠂  ᠬᠡᠷᠡᠭᠯᠡᠬᠦ   ᠳᠤ ᠡᠪᠲᠡᠢ  ᠲᠠᠯ᠎ᠠ ᠠᠴᠠ ᠠᠳᠠᠯᠢᠳᠬᠠᠵᠦ ᠲᠤᠷᠰᠢᠵᠠᠢ᠃      ᠦᠷ᠎ᠡ ᠳ᠋ᠦᠩ ᠠᠴᠠ ᠦᠵᠡᠪᠡᠯ᠂ ᠲᠤᠰ ᠤᠳᠠᠭᠠᠨ ᠤ  ᠠᠳᠠᠯᠢᠳᠬᠠᠯ ᠲᠤᠷᠰᠢᠯᠲᠠ ᠶᠢᠨ 20 ᠵᠦᠢᠯ ᠤᠨ ᠦᠢᠯᠡᠳᠬᠦᠨ ᠤ 6 ᠵᠦᠢᠯ ᠤᠨ ᠦᠢᠯᠡᠳᠬᠦᠨ ᠨᠢ ᠲᠤᠰ ᠤᠳᠠᠭᠠᠨ ᠤ  ᠠᠳᠠᠯᠢᠳᠬᠠᠭᠰᠠᠨ ᠲᠤᠷᠰᠢᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠶ ᠪᠠᠶᠢᠵᠦ᠂ ᠭᠤᠣᠯᠳᠠᠭᠤ ᠨᠢᠭᠲᠠ ᠠᠮᠢᠨ ᠤ ᠰᠦᠯᠢᠶᠣᠣ ᠰᠠᠪᠬ᠎ᠠ ᠪᠠ ᠬᠠᠶᠢᠯᠤᠰᠢ ᠰᠠᠪᠬ᠎ᠠ ᠵᠡᠷᠭᠡ ᠰᠦᠯᠢᠶᠣᠣ ᠮᠠᠲ᠋ᠧᠷᠢᠶᠠᠯ ᠳᠡᠭᠡᠷ᠎ᠡ ᠲᠥᠪᠯᠡᠷᠡᠵᠦ  ᠂ ᠶᠡᠷᠦᠩᠬᠡᠶ ᠳᠡᠭᠡᠨ ᠬᠢᠷᠢ ᠲᠡᠩᠴᠡᠭᠰᠡᠨ ᠨᠣᠷᠮ᠎ᠠ ᠨᠢ 70%  ᠪᠠᠶᠢᠪᠠ᠃ ᠠᠳᠠᠯᠢ ᠪᠤᠰᠤ ᠮᠠᠲ᠋ᠧᠷᠢᠶᠠᠯ ᠤᠨ ᠰᠠᠪᠬ᠎ᠠ ᠪᠠᠷ ᠲᠥᠷᠥᠯ ᠬᠤᠪᠢᠶᠠᠨ ᠪᠦᠷᠢᠳᠭᠡᠪᠡᠯ  ᠂ ᠵᠢᠪᠡᠷᠡᠬᠦ ᠦᠭᠡᠢ ᠪᠣᠯᠣᠳ ᠰᠠᠪᠬ᠎ᠠ ᠪᠦᠬᠦᠨ ᠢᠶᠠᠷ ᠢᠶᠠᠨ ᠬᠢᠷᠢ ᠲᠡᠩᠴᠡᠵᠦ᠂ ᠬᠠᠶᠢᠯᠤᠰᠢ ᠰᠠᠪᠬ᠎ᠠ ᠶᠢᠨ 2 ᠵᠥᠢᠯ ᠨᠢ ᠬᠢᠷᠢ ᠲᠡᠩᠴᠡᠬᠦ ᠦᠭᠡᠢ᠂ ᠮᠢᠲ᠋ᠠᠮᠢᠨ ᠰᠦᠯᠢᠶᠣᠣ ᠰᠠᠪᠬ᠎ᠠ ᠶᠢᠨ 3 ᠵᠥᠢᠯ ᠨᠢ ᠬᠢᠷᠢ ᠲᠡᠩᠴᠡᠬᠦ ᠦᠭᠡᠢ᠂  ᠬᠤᠯᠤᠰᠤ ᠮᠣᠳᠣᠨ ᠰᠠᠪᠬ᠎ᠠ ᠶᠢᠨ 1 ᠵᠥᠢᠯ ᠨᠢ ᠬᠢᠷᠢ ᠲᠡᠩᠴᠡᠬᠦ ᠦᠭᠡᠢ  ᠪᠠᠶᠢᠪᠠ᠃ ᠲᠣᠰ ᠤᠳᠠᠭᠠᠨ ᠤ  ᠠᠳᠠᠯᠢᠳᠬᠠᠯ ᠲᠤᠷᠰᠢᠯᠲᠠ ᠪᠠᠷ ᠦᠵᠡᠪᠡᠯ ᠵᠢᠪᠡᠷᠡᠬᠦ ᠥᠬᠡᠶ ᠪᠣᠯᠣᠳ ᠰᠠᠪᠬ᠎ᠠ ᠶᠢᠨ ᠶᠠᠰᠤ  ᠴᠢᠨᠠᠷ ᠨᠢ ᠨᠡᠯᠢᠶᠡᠳ ᠰᠠᠶᠢᠨ᠃ ᠨᠢᠭᠲᠠ ᠠᠮᠢᠨ ᠰᠦᠯᠢᠶᠣᠣ ᠶᠢᠨ  ᠰᠠᠪᠬ᠎ᠠ ᠶᠢᠨ ᠶᠠᠰᠤ ᠴᠢᠨᠠᠷ ᠠᠩᠬᠠᠷᠤᠯ ᠲᠠᠲᠠᠮᠠᠷ ᠪᠠᠶᠢᠨ᠎ᠠ᠃      ᠬᠤᠳᠠᠯᠳᠤᠨ ᠠᠪᠬᠤ ᠪᠠ ᠬᠡᠷᠡᠭᠯᠡᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠠᠴᠠ  ᠰᠠᠨᠠᠭᠤᠯᠤᠭᠰᠠᠨ ᠨᠢ᠄ ᠪᠤᠳᠤᠭ ᠰᠢᠷᠳᠡᠭᠰᠡᠨ ᠰᠠᠪᠬ᠎ᠠ ᠶᠢ ᠠᠯᠢ ᠪᠤᠯᠬᠤ ᠪᠠᠷ ᠬᠤᠳᠠᠯᠳᠤᠨ ᠠᠪᠬᠤ ᠥᠬᠡᠶ ᠪᠤᠯ ᠰᠠᠶᠢᠨ︔ ᠵᠢᠪᠡᠷᠡᠬᠦ ᠦᠭᠡᠢ ᠪᠣᠯᠣᠳ ᠵᠡᠷᠭᠡ ᠲᠡᠮᠦᠷᠯᠢᠭ ᠰᠠᠪᠬ᠎ᠠ ᠳᠡᠩᠳᠡᠭᠦᠦ ᠬᠦᠨᠳᠦ᠂ ᠲᠡᠷᠡ ᠮᠥᠷᠲᠡᠭᠡᠨ ᠢᠯᠴᠢ ᠳᠠᠮᠵᠢᠭᠤᠯᠬᠤ ᠴᠢᠨᠠᠷ ᠢᠶᠠᠷ ᠴᠢᠩᠭ᠎ᠠ ᠪᠤᠯᠬᠤᠷ ᠬᠠᠯᠠᠭᠤᠨ ᠢᠳᠡᠭᠡᠨ ᠢᠳᠡᠬᠦ ᠳᠤ  ᠤᠷᠤᠭᠤᠯ ᠠᠮᠠ ᠬᠠᠯᠠᠭᠠᠳᠠᠭ᠂ ᠢᠳᠡᠭᠡᠨ ᠤ ᠲᠡᠰ ᠤᠨ ᠵᠢᠪᠡᠷᠡᠬᠦ ᠦᠭᠡᠢ ᠪᠣᠯᠣᠳ ᠮᠥᠨ ᠡᠰᠡᠬᠦ ᠶᠢ ᠨᠢ ᠪᠠᠰᠠ ᠲᠣᠳᠣᠷᠬᠠᠶ ᠢᠯᠭᠠᠬᠤ ᠬᠡᠷᠡᠭᠲᠡᠶ᠃ ᠬᠤᠯᠤᠰᠤᠨ ᠰᠠᠪᠬ᠎ᠠ ᠪᠣᠯ ᠲᠡᠷᠢᠭᠦᠨ ᠰᠣᠩᠭᠤᠯᠲᠠ᠂ ᠲᠡᠷᠡ ᠬᠤᠣᠷ ᠦᠭᠡᠢ ᠮᠥᠷᠲᠡᠭᠡᠨ ᠠᠷᠢᠭᠤᠨ ᠴᠡᠪᠡᠷ  ᠢ ᠬᠠᠮᠠᠭᠠᠯᠠᠳᠠᠭ᠂ ᠮᠥᠨ ᠴᠢᠨᠠᠷ ᠤᠨ ᠮᠣᠳᠣᠨ ᠰᠠᠪᠬ᠎ᠠ ᠶᠢ ᠰᠤᠩᠭᠤᠵᠦ ᠪᠠᠰᠠ ᠪᠣᠯᠤᠨ᠎ᠠ᠃ ᠭᠡᠪᠡᠴᠦ ᠮᠠᠲ᠋ᠧᠷᠢᠶᠠᠯ ᠤᠨ ᠴᠢᠨᠠᠷ ᠤᠨ ᠰᠢᠯᠲᠠᠭᠠᠨ ᠠᠴᠠ ᠪᠣᠯᠵᠤ᠂ ᠬᠤᠯᠤᠰᠤᠨ ᠰᠠᠪᠬ᠎ᠠ᠂ ᠮᠣᠳᠣᠨ ᠰᠠᠪᠬ᠎ᠠ ᠶᠢ ᠤᠬᠢᠶᠠᠬᠤ ᠴᠡᠪᠡᠷᠯᠡᠬᠦ ᠳᠤ ᠶᠠᠷᠰᠢᠭᠲᠠᠢ᠂  ᠤᠬᠢᠶᠠᠯᠭ᠎ᠠ ᠶᠢᠨ ᠡᠳ᠋ ᠤᠨ ᠦᠯᠡᠳᠡᠭᠳᠡᠯ ᠰᠢᠩᠬᠡᠵᠦ ᠦᠯᠡᠳᠡᠭᠡᠳ ᠪᠠᠶᠢᠳᠠᠭ᠃ ᠡᠪᠡᠳᠴᠢᠨ ᠡᠭᠦᠰᠭᠡᠭᠴᠢ ᠮᠢᠺᠷᠣᠪ ᠲᠤ ᠠᠮᠠᠷᠬᠠᠨ ᠪᠤᠵᠠᠷᠳᠠᠳᠠᠭ᠂ ᠡᠶᠢᠮᠦ ᠠᠴᠠ ᠦᠷᠭᠦᠯᠵᠢ ᠠᠷᠢᠭᠤᠳᠬᠠᠬᠤ ᠶᠢ  ᠠᠩᠬᠠᠷᠬᠤ ᠬᠡᠷᠡᠭᠲᠡᠢ᠃  ᠬᠤᠯᠤᠰᠤ ᠮᠣᠳᠣᠨ ᠤ ᠰᠠᠪᠬ᠎ᠠ ᠸᠠᠯᠠᠵᠤ᠂ ᠦᠰᠦ ᠤᠷᠭᠤᠬᠤ ᠦᠵᠡᠭᠳᠡᠯ ᠡᠭᠦᠰᠬᠦ ᠠᠴᠠ ᠰᠡᠷᠭᠡᠶᠢᠯᠡᠵᠦ᠂ ᠠᠷᠢᠭᠤᠨ ᠴᠡᠪᠡᠷ ᠪᠠᠶᠢᠬᠤ ᠶᠢ  ᠪᠠᠲᠤᠯᠠᠬᠤ ᠬᠡᠷᠡᠭᠲᠡᠢ᠂ ᠪᠠᠰᠠ ᠲᠣᠭᠲᠠᠭᠰᠠᠨ ᠬᠤᠭᠤᠴᠠᠭ᠎ᠠ ᠲᠠᠢ ᠪᠠᠷ ᠰᠣᠯᠢᠬᠤ ᠬᠡᠷᠡᠭᠲᠡᠶ᠃ ᠠᠯᠳᠠᠷ ᠬᠦᠨᠳᠤᠲᠡᠢ ᠨᠡᠷᠡᠲᠦ ᠲᠡᠮᠳᠡᠭ   ᠤᠨ ᠪᠦᠲᠦᠭᠡᠭᠳᠡᠬᠦᠨ ᠢ ᠬᠤᠳᠠᠯᠳᠤᠨ ᠠᠪᠴᠤ᠂ ᠱᠣᠰᠢᠭ᠎ᠠ ᠲᠡᠮᠳᠡᠭ ᠢ ᠠᠩᠬᠠᠷᠤᠨ ᠪᠠᠶᠢᠴᠠᠭᠠᠵᠤ᠂  ᠦᠢᠯᠡᠳᠭᠦᠨ ᠤ ᠬᠢᠷᠢ ᠲᠡᠩᠴᠡᠭᠰᠡᠨ ᠮᠡᠳᠡᠭᠡ ᠵᠠᠩᠭᠢ ᠶᠢ ᠨᠤᠲᠠᠯᠠᠨ ᠲᠣᠭᠲᠠᠭᠠᠵᠤ᠂ ᠭᠤᠷᠪᠠ ᠦᠭᠡᠢ  ᠦᠢᠯᠡᠳᠭᠦᠨ  ᠬᠤᠳᠠᠯᠳᠤᠨ ᠣᠷᠣᠭᠤᠯᠬᠤ ᠠᠴᠠ ᠵᠠᠶᠢᠯᠠᠰᠬᠢᠬᠦ ᠬᠡᠷᠡᠭᠲᠡᠶ᠃ ᠪᠣᠭᠤᠳᠠᠯ ᠨᠢ ᠪᠦᠷᠢᠨ ᠪᠦᠲᠦᠨ᠂ ᠦᠨᠦᠷ ᠲᠠᠨᠢᠷ ᠦᠭᠡᠢ᠂  ᠬᠡᠪ ᠤᠨ ᠪᠤᠰᠤ  ᠪᠠᠶᠢᠳᠠᠯ ᠦᠭᠡᠢ ᠦᠢᠯᠡᠳᠭᠦᠨ ᠢ  ᠰᠤᠩᠭᠤᠬᠤ ᠴᠢᠬᠤᠯᠠᠲᠠᠢ᠃http://mongol.people.com.cn/15828375.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号