ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ︽ᠮᠤᠩᠭᠤᠯ ᠡᠮᠨᠡᠯᠭᠡ ᠬᠢᠲᠠᠳ ᠡᠮᠨᠡᠯᠭᠡ ᠶᠢ  ᠬᠡᠷᠡᠭᠯᠡᠬᠦ ᠳᠤ ᠲᠦᠬᠦᠮ ᠦᠵᠡᠬᠦᠯᠬᠦ᠂ ᠮᠤᠩᠭᠤᠯ  ᠡᠮ ᠬᠢᠲᠠᠳ  ᠡᠮ ᠢ ᠰᠠᠨᠠᠭ᠎ᠠ  ᠠᠮᠤᠷ ᠬᠡᠷᠡᠭᠯᠡᠬᠦ︾ ᠠᠵᠢᠯᠯᠠᠭ᠎ᠠ ᠦᠷᠨᠢᠬᠦᠯᠵᠦ ᠪᠤᠢ
ᠨᠡᠶᠢᠲᠡᠯᠡᠭᠰᠡᠨ ᠴᠠᠭ᠄
2020/10/30
     ᠬᠦᠬᠡᠬᠤᠲᠠ ᠶᠢᠨ ᠡᠳᠣᠷ ᠤᠨ ᠰᠣᠨᠢᠨ ᠤ ᠮᠡᠲᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ ᠰᠤᠷᠪᠤᠯᠵᠢᠯᠠᠭᠴᠢ ᠤᠶᠢᠷ᠎ᠠ ᠶᠢᠨ ᠡᠲᠦᠷ ᠦᠪᠣᠷ  ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ ᠠᠴᠠ ᠤᠶᠢᠯᠠᠭᠠᠵᠤ ᠮᠡᠲᠡᠭᠰᠡᠨ ᠢᠶᠠᠷ᠂ ᠤᠯᠠᠨ ᠲᠦᠮᠡᠨ ᠤ ᠮᠤᠩᠭᠤᠯ ᠡᠮ ᠬᠢᠲᠠᠳ ᠡᠮ  ᠢ ᠰᠠᠨᠠᠭ᠎ᠠ ᠠᠮᠤᠷ ᠬᠡᠷᠡᠭᠯᠡᠬᠦ   ᠳᠤᠨᠢ ᠲᠦᠬᠦᠮ ᠦᠵᠡᠬᠦᠯᠬᠦ ᠶᠢᠨ ᠲᠦᠯᠦᠭᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ ᠤᠨ ᠬᠢᠨ ︽ᠮᠤᠩᠭᠤᠯ ᠡᠮᠨᠡᠯᠭᠡ ᠬᠢᠲᠠᠳ ᠡᠮᠨᠡᠯᠭᠡ ᠶᠢ ᠬᠡᠷᠡᠭᠯᠡᠬᠦ ᠳᠤ ᠲᠦᠬᠦᠮ ᠦᠵᠡᠬᠦᠯᠬᠦ᠂ ᠮᠤᠩᠭᠤᠯ  ᠡᠮ ᠬᠢᠲᠠᠳ ᠡᠮ ᠢ ᠰᠠᠨᠠᠭ᠎ᠠ ᠠᠮᠤᠷ ᠬᠡᠷᠡᠭᠯᠡᠬᠦ︾ ᠠᠵᠢᠯᠯᠠᠭ᠎ᠠ ᠦᠷᠨᠢᠬᠦᠯᠵᠦ᠂ ᠡᠮᠨᠡᠯᠭᠡ ᠶᠢᠨ ᠦᠭᠡᠷᠡᠴᠢᠯᠡᠯᠲᠡ ᠪᠠᠷ ᠠᠷᠠᠳ ᠲᠤ ᠲᠤᠰᠠ ᠬᠦᠷᠭᠡᠬᠦ ᠦᠷ᠎ᠡ ᠪᠦᠲᠦᠮᠵᠢ ᠶᠢ ᠰᠠᠶᠢᠵᠢᠷᠠᠭᠤᠯᠵᠤ ᠪᠠᠶᠢᠨ᠎ᠠ᠃      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ  ᠤᠨ ᠬᠢᠨ ᠱᠠᠭᠠᠷᠲᠠᠬᠤ ᠳᠠᠭᠠᠨ᠄ ᠡᠯ᠎ᠡ ᠱᠠᠳᠤᠨ ᠤ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠢᠨ ᠡᠮᠨᠡᠯᠭᠡ ᠶᠢᠨ ᠬᠤᠷᠢᠶ᠎ᠠ ᠶᠢᠨ ᠢᠶᠠᠨ ᠶᠡᠭᠡ ᠲᠢᠩᠬᠢᠮ ᠤᠨ ᠢᠯᠡᠬᠡᠨ ᠪᠠᠶᠢᠷᠢ ᠪᠤᠶᠤ ᠡᠮᠨᠡᠯᠭᠡ ᠶᠢᠨ ᠬᠤᠷᠢᠶ᠎ᠠ ᠶᠢᠨ ᠢᠶᠠᠨ ᠲᠤᠤᠷ ᠰᠦᠯᠵᠢᠶ᠎ᠡ ᠲᠡᠭᠡᠷ᠎ᠡ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠡᠮᠴᠢ ᠪᠠ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠦᠪᠡᠷᠮᠢᠴᠡ᠂ ᠲᠠᠪᠠᠭᠤᠯᠢᠭ᠂ ᠭᠤᠤᠯᠲᠠᠯᠭ᠎ᠠ  ᠪᠤᠯᠬᠤ ᠲᠤᠰᠬᠠᠢ ᠮᠡᠷᠭᠡᠵᠢᠯ ᠤᠨ ᠲᠤᠬᠠᠢ ᠰᠤᠷᠠᠭ ᠮᠡᠲᠡᠭᠡ ᠪᠠᠨ ᠢᠯᠡ  ᠪᠠᠷ ᠨᠡᠶᠢᠲᠡᠯᠡᠵᠦ᠂ ᠤᠯᠠᠨ ᠲᠦᠮᠡᠨ ᠤ ᠡᠪᠡᠳᠴᠢᠨ ᠢᠶᠠᠨ ᠦᠵᠡᠬᠦᠯᠬᠦ ᠡᠮᠴᠢᠯᠭᠡ ᠬᠢᠯᠭᠡᠬᠦ ᠰᠤᠷᠠᠭ ᠴᠢᠮᠡᠭᠡ ᠤᠯᠬᠤ  ᠳᠤᠨᠢ ᠲᠦᠬᠦᠮ ᠦᠵᠡᠬᠦᠯᠬᠦ ᠬᠡᠷᠡᠭᠲᠡᠢ᠃ ᠭᠤᠷᠪᠠᠳᠤᠭᠠᠷ ᠲᠡᠰ ᠤᠨ  ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠤᠶᠤᠨᠳᠤ ᠬᠦᠲᠦᠯᠦᠭᠴᠢ ᠶᠢᠨ ᠰᠢᠰᠲ᠋ᠧᠮ ᠲᠤᠬᠢᠷᠠᠭᠤᠯᠵᠤ᠂  ᠤᠲᠤᠬᠢᠴᠢᠯᠠᠬᠰᠠᠨ ᠡᠮ ᠡᠮᠨᠡᠯᠭᠡ ᠶᠢᠨ ᠰᠤᠷᠠᠭ ᠵᠠᠩᠬᠢᠴᠢᠯᠠᠬᠰᠠᠨ ᠠᠷᠭ᠎ᠠ ᠪᠠᠷᠢᠯ ᠢ ᠠᠰᠢᠭᠯᠠᠨ᠂ ᠦᠷᠭᠡᠨ ᠤᠯᠠᠨ ᠡᠪᠡᠳᠴᠢᠲᠡᠨ ᠢ ᠡᠮᠬᠢ ᠲᠠᠷᠠᠭᠠᠯᠠᠯ ᠲᠠᠢ᠂ ᠢᠯᠭᠤᠮ ᠰᠢᠯᠤᠭᠤᠨ ᠢᠶᠠᠷ ᠡᠪᠡᠳᠴᠢᠨ ᠢᠶᠠᠨ ᠦᠵᠡᠭᠦᠯᠬᠦ ᠪᠣᠯᠭᠠᠨ᠎ᠠ᠃ ᠦᠪᠡᠷᠲᠡᠭᠡᠨ ᠵᠠᠰᠠᠬᠤ ᠤᠷᠤᠨ ᠤ ᠲᠡᠰ ᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠢᠶᠠᠷ᠂ ᠭᠠᠷ ᠤᠲᠠᠰᠤᠨ ᠤ APP ᠢᠶᠠᠷ᠂ ᠲᠤᠤᠷ ᠰᠦᠯᠵᠢᠶ᠎ᠡ ᠪᠠᠷ᠂ ᠠᠦ᠋ᠲ᠋ᠤ᠋ ᠤᠲᠠᠰᠤ   ᠪᠠᠷ᠂ ᠡᠮᠴᠢᠯᠡᠬᠦᠯᠭᠡ ᠶᠢᠨ ᠵᠠᠪᠰᠠᠷ ᠲᠤ᠂ ᠲᠤᠬᠠᠢ ᠲᠠᠯᠠᠪᠠᠢ ᠳᠤ ᠪᠤᠯᠵᠤᠬᠤ ᠵᠡᠷᠭᠡ ᠶᠠᠲᠠᠬᠤ ᠳᠠᠭᠠᠨ 3 ᠵᠦᠢᠯ ᠠᠴᠠ ᠲᠡᠭᠡᠭᠰᠢᠬᠢ ᠪᠤᠯᠵᠤᠬᠤ  ᠠᠷᠭ᠎ᠠ ᠶᠢ  ᠨᠡᠪᠲᠡᠷᠡᠬᠦᠯᠬᠦ ᠪᠦᠭᠡᠳ ᠲᠤᠤᠷ ᠰᠦᠯᠵᠢᠶ᠎ᠡ ᠪᠠᠷ ᠳ᠋ᠤᠭᠠᠷ ᠪᠤᠯᠵᠤᠬᠤ ᠬᠠᠷᠢᠴᠠᠯ ᠢ ᠢᠲᠡᠭ ᠢᠲᠡᠭ ᠢᠶᠠᠷ ᠨᠡᠮᠡᠭᠲᠡᠬᠦᠯᠦᠨ᠎ᠡ ᠃ ᠪᠤᠯᠵᠤᠵᠤ ᠡᠮᠨᠡᠬᠦᠯᠬᠦ ᠨᠤᠷᠮ᠎ᠠ ᠶᠢ ᠤᠳᠤ ᠶᠢᠨ ᠰᠠᠭᠤᠷᠢᠨ ᠲᠡᠭᠡᠷ᠎ᠡ ᠪᠠᠨ 5 ᠵᠠᠭᠤᠨ ᠤ ᠨᠢᠭᠡᠴᠢ ᠪᠠᠷ ᠨᠡᠮᠡᠭᠲᠡᠬᠦᠯᠬᠦ᠂ ᠪᠤᠯᠵᠤᠬᠰᠠᠨ ᠴᠠᠭ ᠤᠨ ᠤᠨᠤᠪᠴᠢ ᠶᠢᠨ ᠬᠢᠵᠠᠭᠠᠷᠯᠠᠯ ᠢ 30  ᠮᠢᠨᠦ᠋ᠲ ᠤᠨ ᠲᠤᠲᠤᠷ᠎ᠠ ᠪᠠᠶᠢᠯᠠᠭᠠᠬᠤ ᠪᠠᠷ ᠴᠢᠷᠮᠠᠶᠢᠨ᠎ᠠ᠃ ᠪᠤᠰᠤᠳ ᠭᠤᠷᠪᠠᠳᠤᠭᠠᠷ ᠲᠡᠰ ᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠨᠤᠭᠤᠳ ᠪᠠᠰᠠ ᠪᠤᠯᠵᠤᠵᠤ ᠳ᠋ᠤᠭᠠᠷᠯᠠᠬᠤ ᠠᠷᠭ᠎ᠠ ᠬᠡᠮᠵᠢᠶ᠎ᠡ ᠪᠠᠨ ᠢᠳᠡᠪᠬᠢᠲᠡᠢ ᠬᠠᠯᠠᠨ ᠰᠠᠶᠢᠵᠢᠷᠠᠭᠤᠯᠵᠤ᠂ ᠭᠤᠷᠪᠠᠳᠤᠭᠠᠷ ᠲᠡᠰ  ᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠡᠮᠴᠢᠯᠡᠭᠡ ᠵᠠᠰᠠᠯᠭ᠎ᠠ ᠶᠢᠨ ᠪᠠᠶᠢᠭᠤᠯᠤᠮᠵᠢ ᠳᠤ ︽ᠨᠢᠭᠡ ᠦᠷᠲᠡᠭᠡᠴᠢᠯᠡᠭᠰᠡᠨ ᠦᠢᠯᠡᠴᠢᠯᠡᠭᠡ︾ ᠶᠢ ᠲᠡᠯᠭᠡᠷᠡᠬᠦᠯᠬᠦ ᠬᠡᠷᠡᠭᠲᠡᠢ ᠭᠡᠵᠡᠢ᠃      ᠮᠡᠷᠭᠡᠵᠢᠯ ᠢᠶᠠᠨ ᠲᠤᠷᠤᠭᠰᠢ ᠪᠠᠭᠤᠯᠭᠠᠵᠤ᠂ ᠤᠯᠠᠨ ᠲᠦᠮᠡᠨ ᠳᠤ ᠠᠰᠢᠭ ᠲᠤᠰᠠ ᠬᠦᠷᠲᠡᠭᠡᠬᠦ ᠬᠡᠷᠡᠭᠲᠡᠢ᠃  ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠬᠦᠯ ᠮᠡᠨᠲᠦ ᠶᠢᠨ  ᠵᠦᠪᠯᠡᠯ ᠤᠨ  ᠬᠢᠨ ᠱᠠᠭᠠᠷᠲᠠᠬᠤ ᠳᠠᠭᠠᠨ᠄ ᠬᠤᠶᠠᠳᠤᠭᠠᠷ ᠲᠡᠰ ᠠᠴᠠ  ᠲᠡᠭᠡᠭᠰᠢᠬᠢ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠨ ᠬᠦᠳᠡᠭᠡ ᠲᠤᠰᠬᠤᠨ ᠤᠨ ᠡᠮᠴᠢ ᠨᠡᠷ ᠲᠤ ᠮᠤᠩᠭᠤᠯ ᠡᠮ ᠡᠮᠨᠡᠯᠬᠡ ᠬᠢᠲᠠᠳ ᠡᠮ ᠡᠮᠨᠡᠯᠭᠡ ᠶᠢᠨ ᠮᠡᠲᠡᠯᠭᠡ ᠪᠡ  ᠴᠢᠲᠠᠪᠤᠷᠢ ᠶᠢᠨ ᠲᠠᠯ᠎ᠠ ᠪᠠᠷ ᠲᠦᠯᠦᠪᠦᠷᠢ ᠬᠡᠯᠲᠦᠷᠢᠬᠦᠯᠦᠨ ᠪᠤᠯᠪᠠᠰᠤᠷᠠᠯ ᠬᠦᠷᠲᠡᠭᠡᠬᠦ ᠡᠬᠦᠷᠭᠡ ᠶᠢ ᠲᠠᠭᠠᠭᠠᠵᠤ᠂ ᠬᠦᠳᠡᠭᠡ ᠲᠤᠰᠬᠤᠨ ᠤᠨ ᠡᠮᠴᠢ ᠨᠡᠷ ᠤᠨ ᠮᠤᠩᠭᠤᠯ ᠡᠮ ᠬᠢᠲᠠᠳ ᠡᠮ ᠵᠠᠷᠤᠵᠤ ᠡᠪᠡᠳᠴᠢᠨ ᠰᠡᠷᠭᠡᠶᠢᠯᠡᠬᠦ ᠡᠪᠡᠳᠴᠢᠨ ᠵᠠᠰᠠᠬᠤ ᠴᠢᠲᠠᠪᠤᠷᠢ ᠶᠢ ᠲᠡᠭᠡᠭᠰᠢᠯᠡᠬᠦᠯᠬᠦ ᠬᠡᠷᠡᠭᠲᠡᠢ ᠪᠦᠭᠡᠳ ᠨᠡᠶᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠰᠤᠮᠤ ᠰᠢᠶᠠᠩ ᠪᠠᠯᠭᠠᠰᠤᠨ ᠤ ᠡᠮᠴᠢ ᠶᠢᠨ ᠬᠤᠷᠢᠶ᠎ᠠ ᠪᠠᠷ ᠲᠠᠮᠵᠢᠨ᠂ ᠮᠤᠩᠭᠤᠯ ᠡᠮᠨᠡᠯᠭᠡ ᠬᠢᠲᠠᠳ ᠡᠮᠨᠡᠯᠭᠡ ᠪᠠᠷ ᠪᠡᠶ᠎ᠡ ᠰᠤᠪᠢᠯᠠᠬᠤ᠂ ᠡᠲᠡᠭᠡᠬᠦ᠂ ᠡᠷᠡᠬᠦᠯᠵᠢᠬᠦ  ᠲᠤᠬᠢᠲᠠᠢ ᠮᠡᠲᠡᠯᠭᠡ ᠶᠢ ᠲᠦᠭᠡᠮᠡᠯᠵᠢᠬᠦᠯᠦᠨ᠂ ᠭᠡᠷ ᠪᠦᠯᠢ ᠪᠦᠷᠢ ᠳᠤ ᠶᠠᠲᠠᠬᠤ ᠳᠠᠭᠠᠨ 1 ᠬᠦᠮᠦᠨ ᠳᠤ 1 ᠵᠦᠢᠯ ᠤᠨ ᠡᠷᠡᠭᠦᠯᠵᠢᠯ ᠤᠨ ᠮᠡᠲᠡᠯᠭᠡ ᠶᠢ ᠡᠵᠡᠮᠰᠢᠬᠦᠯᠦᠨ᠂ ᠤᠯᠠᠨ ᠲᠦᠮᠡᠨ ᠤ ᠦᠪᠡᠷᠰᠡᠳ ᠤᠨ ᠬᠢᠨᠢ ᠡᠷᠡᠬᠦᠯ ᠮᠡᠨᠲᠦ ᠡᠷᠡᠬᠦᠯᠵᠢᠯ ᠤᠨ ᠴᠢᠲᠠᠪᠤᠷᠢ ᠶᠢ ᠲᠡᠭᠡᠭᠰᠢᠯᠡᠬᠦᠯᠦᠨ᠎ᠡ᠃ ᠬᠤᠶᠠᠳᠤᠭᠠᠷ ᠲᠡᠰ ᠠᠴᠠ ᠲᠡᠭᠡᠭᠰᠢᠬᠢ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠮᠤᠩᠭᠤᠯ ᠡᠮᠴᠢ ᠬᠢᠲᠠᠳ ᠡᠮᠴᠢ ᠨᠡᠷ ᠭᠡᠷ᠎ᠡ ᠲᠠᠢ ᠭᠡᠷ ᠪᠦᠯᠢ ᠶᠢᠨ ᠡᠮᠴᠢ ᠶᠢᠨ ᠪᠦᠯᠬᠦᠮ ᠠᠩᠬᠢ ᠳᠤ ᠢᠳᠡᠪᠬᠢᠲᠡᠢ ᠤᠷᠤᠯᠴᠠᠵᠤ᠂ ᠲᠠᠩᠰᠠ ᠺᠠᠷᠲ ᠪᠠᠶᠢᠭᠤᠯᠤᠬᠰᠠᠨ ᠶᠠᠲᠠᠭᠤ ᠬᠦᠴᠢᠷᠲᠡᠢ ᠡᠷᠦᠬᠡ  ᠳᠤ ᠮᠤᠩᠭᠤᠯ ᠡᠮᠨᠡᠯᠭᠡ ᠬᠢᠲᠠᠳ ᠡᠮᠨᠡᠯᠭᠡ   ᠶᠢᠨ ᠵᠤᠷ ᠢ ᠲᠦᠯᠦᠪᠦᠷᠢ ᠬᠡᠯᠲᠦᠷᠢᠬᠦᠯᠦᠨ ᠬᠠᠩᠭᠠᠵᠤ ᠦᠭᠴᠦ ᠪᠤᠯᠤᠨ᠎ᠠ ᠭᠡᠵᠡᠢ᠃ http://mongol.people.com.cn/15828370.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号