ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 10 ᠰᠠᠷ᠎ᠠ ᠶᠢᠨ | 28 ᠤ ᠡᠳᠦᠷ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ | ᠡᠯᠰᠡᠬᠦ ᠰᠢᠯᠭᠠᠯᠲᠠ ᠶᠢᠨ ᠲᠥᠪ 2021 ᠣᠨ ᠤ ᠦᠪᠤᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ | ᠳᠡᠭᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠴᠤᠭᠯᠠᠭᠤᠯᠬᠤ ᠠᠷᠭ᠎ᠠ ᠶᠢ | ᠨᠡᠶᠢᠲᠡᠯᠡᠵᠦ᠂ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠦᠵᠡᠯ ᠰᠠᠨᠠᠭ᠎ᠠ ᠤᠯᠤᠰ ᠲᠥᠷᠥ ᠶᠣᠰᠣ | ᠮᠣᠷᠠᠯ ᠤᠨ ᠬᠢᠨᠠᠨ ᠰᠢᠯᠭᠠᠯᠲᠠ᠂ ᠰᠦᠯᠵᠢᠶᠡᠨ ᠳᠡᠭᠡᠷ᠎ᠡ ᠵᠠᠷᠤᠳᠠᠯ ᠲᠤᠰᠢᠶᠠᠬᠤ᠂ ᠠᠬᠤᠢ ᠲᠠᠯᠠᠪᠤᠷ ᠲᠤ ᠨᠤᠲᠠᠯᠠᠬᠤ | ᠵᠡᠷᠭᠡ ᠬᠡᠳᠦᠨ ᠲᠤᠮᠤ ᠠᠯᠬᠤᠮ ᠬᠤᠪᠢᠶᠠᠵᠠᠢ᠃ | ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠬᠤᠭᠤᠴᠠᠭᠠᠨ ᠳᠤ᠂ ᠰᠢᠯᠭᠠᠭᠤᠯᠤᠭᠴᠢ ᠲᠣᠭᠲᠠᠭᠰᠠᠨ | ᠴᠠᠭ ᠲᠤ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ︵ | https://www nm. zsks. cn︶ ︶ ᠳᠤ ᠭᠠᠷᠴᠤ᠂ ︽ | 2021 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠯᠲᠡ ᠵᠢᠨᠰᠦ᠋ᠯᠵᠢᠶᠡᠨ ᠳᠡᠭᠡᠷᠡᠬᠢ ᠨᠡᠷ᠎ᠡ | ᠮᠡᠳᠡᠭᠦᠯᠦᠯᠲᠡ︾ ᠬᠡᠯᠬᠢᠶ᠎ᠡ ᠶᠢ ᠲᠣᠪᠴᠢᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ | ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ᠂ | ᠰᠦᠯᠵᠢᠶᠡᠨ ᠨᠢᠭᠤᠷ ᠳᠡᠭᠡᠷᠡᠬᠢ ᠲᠣᠳᠣᠷᠬᠠᠶᠢᠯᠠᠯᠲᠠ ᠶᠣᠰᠣᠭᠠᠷ᠂ ᠠᠭᠤᠯᠭ᠎ᠠ ᠪᠦᠷᠢ ᠶᠢ ᠣᠨᠣᠪᠴᠢᠲᠠᠶ ᠲᠠᠭᠯᠠᠨ᠎ᠠ᠃ | ᠰᠢᠯᠭᠠᠭᠤᠯᠤᠭᠴᠢ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠲᠤᠰᠢᠶᠠᠭᠰᠠᠨ ᠤ ᠳᠠᠷᠠᠭ᠎ᠠ᠂ ᠲᠠᠭᠯᠠᠭᠰᠠᠨ ᠠᠭᠤᠯᠭ᠎ᠠ | ᠪᠠᠨ ᠨᠠᠷᠢᠨ ᠬᠢᠨᠠᠮᠠᠭᠠᠶ ᠬᠠᠷᠭᠤᠭᠤᠯᠵᠤ᠂ ᠪᠤᠷᠤᠭᠤ ᠲᠠᠭᠯᠠᠭᠰᠠᠨ ᠪᠠᠶᠢᠪᠠᠯ ᠵᠠᠰᠠᠵᠦ᠂ ᠪᠤᠷᠤᠭᠤ ᠦᠭᠡᠢ ᠪᠤᠯᠤᠭᠰᠠᠨ | ᠬᠤᠶᠢᠨ᠎ᠠ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢ ᠥᠪᠡᠷᠲᠡᠭᠡᠨ ᠳᠠᠷᠤᠮᠠᠯᠯᠠᠨ᠎ᠠ᠃ ᠮᠡᠳᠡᠭᠡ ᠵᠠᠩᠭᠢ ᠶᠢ | ᠲᠠᠭᠯᠠᠨ ᠮᠡᠳᠡᠭᠦᠯᠬᠦ ᠳᠡᠭᠡᠨ ᠰᠢᠯᠭᠠᠭᠤᠯᠤᠭᠴᠢ ᠲᠣᠬᠢᠷᠠᠭᠤᠯᠤᠭᠰᠠᠨ ᠨᠢᠭᠤᠴᠠᠨᠣᠮᠧᠷ ᠵᠶ᠋ᠠᠨᠵᠠᠪᠠᠯ ᠬᠠᠳᠠᠭᠠᠯᠠᠵᠦ | ᠨᠢᠭᠤᠴᠠ ᠪᠠᠨ ᠬᠠᠮᠠᠭᠠᠯᠠᠬᠤ ᠬᠡᠷᠡᠭᠲᠡᠶ᠃ | ᠦᠵᠡᠯ ᠰᠠᠨᠠᠭ᠎ᠠ ᠤᠯᠤᠰ ᠲᠥᠷᠥ ᠶᠣᠰᠣ ᠮᠣᠷᠠᠯ ᠤᠨ ᠬᠢᠨᠠᠨ ᠰᠢᠯᠭᠠᠯᠲᠠ ᠪᠣᠯ ᠰᠢᠯᠭᠠᠭᠤᠯᠤᠭᠴᠢ ᠶᠢᠨ ᠪᠠᠶᠢᠭ᠎ᠠ | ᠰᠤᠷᠭᠠᠭᠤᠯᠢ ᠪᠤᠶᠤ ᠨᠢᠭᠡᠴᠢ ︵ᠠᠵᠢᠯᠯᠠᠬᠤ ᠨᠢᠭᠡᠴᠢ ᠥᠬᠡᠶ ᠰᠢᠯᠭᠠᠭᠤᠯᠤᠭᠴᠢ ᠶᠢ ᠬᠠᠷᠢᠶ᠎ᠠ ᠰᠤᠮᠤ᠂ ᠰᠢᠶᠠᠩ | ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠰᠢᠯᠭᠠᠭᠤᠯᠤᠭᠴᠢ ᠳᠤ ᠦᠭᠭᠦ ᠤᠯᠤᠰ | ᠲᠥᠷᠥ ᠶᠢᠨ ᠣᠪᠣᠷ᠂ ᠦᠵᠡᠯ ᠰᠠᠨᠠᠭ᠎ᠠ ᠶᠣᠰᠣ ᠮᠣᠷᠠᠯ ᠤᠨ ᠲᠤᠬᠠᠶ ᠪᠥᠬᠦ ᠲᠠᠯ᠎ᠠ ᠶᠢᠨ ᠬᠢᠨᠠᠨ ᠲᠤᠭᠲᠠᠭᠠᠯ ᠪᠤᠯᠤᠨ᠎ᠠ᠃ | ᠲᠡᠷᠡᠴᠢᠯᠡᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠢᠨᠠᠨ ᠲᠣᠭᠲᠠᠭᠠᠭᠰᠠᠨ ᠦᠷ᠎ᠡ ᠳ᠋ᠦᠩ ᠢ ︽ᠤᠷᠢᠳᠴᠢᠯᠠᠨ | ᠨᠡᠷ᠎ᠡ ᠮᠡᠳᠡᠭᠦᠯᠬᠦ ᠬᠦᠰᠦᠨᠦᠭᠲᠦ︾ ᠶᠢᠨ ᠬᠤᠯᠪᠤᠭᠳᠠᠯ ᠲᠠᠢ ᠪᠤᠯᠤᠩ ᠳᠤ ᠲᠠᠭᠯᠠᠵᠤ᠂ ᠬᠠᠮᠢᠶ᠎ᠠ ᠪᠦᠬᠦᠢ | ᠬᠠᠷᠢᠭᠤᠴᠠᠯᠭᠠᠲᠠᠨ ᠭᠠᠷ ᠤᠨ ᠦᠰᠦᠭ ᠵᠢᠷᠤᠭᠰᠠᠨ ᠤ ᠳᠠᠷᠠᠭ᠎ᠠ ᠠᠯᠪᠠᠨ ᠲᠠᠮᠠᠭ᠎ᠠ ᠳᠠᠷᠤᠬᠤ ᠬᠡᠷᠡᠭᠲᠡᠶ᠃ ᠡᠷᠡᠭᠦᠦ ᠶᠢᠨ | ᠰᠢᠳᠭᠡᠯ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠪᠤᠶᠤ ᠬᠠᠤᠯᠢ ᠰᠠᠬᠢᠯᠭ᠎ᠠ ᠠᠴᠠ ᠵᠥᠷᠢᠴᠡᠭᠰᠡᠨ | ᠪᠤᠰᠤᠳ ᠰᠢᠳᠭᠡᠯ ᠣᠯᠤᠭᠰᠠᠨ ᠰᠢᠯᠭᠠᠭᠤᠯᠤᠭᠰᠠᠳ᠂ ᠳᠡᠭᠡᠷ᠎ᠡ ᠳᠤᠷᠠᠳᠤᠭᠰᠠᠨ ᠪᠤᠯᠤᠩ ᠳᠤ ᠲᠡᠭᠦᠨ ᠤ ᠠᠯᠳᠠᠭ᠎ᠠ | ᠭᠠᠷᠭᠠᠭᠰᠠᠨ ᠪᠣᠳᠠᠲᠤ ᠶᠠᠪᠤᠳᠠᠯ᠂ ᠰᠢᠢᠳᠪᠤᠷᠢᠯᠡᠭᠰᠡᠨ ᠰᠠᠨᠠᠯ ᠪᠣᠯᠤᠨ ᠲᠤᠰ ᠬᠥᠮᠦᠨ ᠤ ᠠᠯᠳᠠᠭ᠎ᠠ ᠶᠢᠨ ᠲᠤᠬᠠᠶ | ᠲᠠᠨᠢᠯᠲᠠ ᠵᠢᠴᠢ ᠠᠯᠳᠠᠭ᠎ᠠ ᠪᠠᠨ ᠵᠠᠯᠠᠷᠠᠭᠤᠯᠤᠭᠰᠠᠨ ᠪᠣᠳᠠᠲᠤ ᠢᠯᠡᠷᠡᠯ ᠵᠡᠷᠭᠡ ᠰᠠᠨᠠᠯ ᠢ ᠪᠢᠴᠢᠬᠦ ᠶᠢᠨ ᠬᠠᠮᠲᠤ᠂ ᠦᠨᠡᠨ | ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃ | ᠤᠷᠢᠳᠴᠢᠯᠠᠨ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ᠂ ᠰᠦᠯᠵᠢᠶᠡᠨ ᠳᠡᠭᠡᠷᠡᠬᠢ ᠪᠠᠩᠬᠢ ᠶᠢᠨ ᠴᠢᠳᠠᠮᠵᠢ | ᠪᠦᠬᠦᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠺᠠᠷᠲ᠂ ︽ᠪᠠᠩᠬᠢ ᠶᠢᠨ ᠬᠤᠯᠪᠤᠭ᠎ᠠ︾ ᠲᠡᠮᠳᠡᠭ ᠲᠠᠢ | ᠪᠤᠰᠤᠳ ᠪᠠᠩᠬᠢ ᠶᠢᠨ ᠺᠠᠷᠲ᠂ ᠸᠢᠴᠠᠲ ᠪᠤᠯᠤᠨ ᡁᠢ ᠹᠦ᠋ ᠪᠤᠤ ᠶᠢ ᠬᠡᠷᠡᠭᠯᠡᠵᠦ᠂ ᠤᠷᠢᠳᠴᠢᠯᠠᠨ ᠨᠡᠷ᠎ᠡ ᠮᠡᠳᠡᠭᠦᠯᠬᠦ | ᠰᠢᠰᠲ᠋ᠧᠮ ᠤᠨ ᠢᠯᠡᠷᠡᠭᠦᠯᠦᠭᠰᠡᠨ ᠵᠤᠭᠤᠰᠤᠨ ᠲᠤᠭ᠎ᠠ ᠪᠠᠷ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠯᠭᠠᠯᠲᠠ ᠶᠢᠨ | ᠵᠠᠷᠤᠳᠠᠯ ᠲᠤᠰᠢᠶᠠᠵᠤ ᠪᠣᠯᠤᠨ᠎ᠠ᠃ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ | ᠵᠢᠯᠣᠭᠤᠳᠬᠤ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠵᠡᠷᠭᠡ ᠳᠤ ᠰᠢᠯᠭᠠᠭᠤᠯᠤᠭᠴᠢᠳ ᠴᠦ ᠪᠠᠷᠢᠮᠵᠢᠶ᠎ᠠ | ᠶᠣᠰᠣᠭᠠᠷ ᠥᠪᠡᠷᠲᠡᠭᠡᠨ ᠵᠠᠰᠠᠬᠤ ᠣᠷᠣᠨ ᠤ ᠵᠤᠬᠢᠶᠠᠨ ᠪᠠᠶᠢᠭᠤᠯᠤᠭᠰᠠᠨ ᠲᠤᠰᠬᠠᠶ ᠮᠡᠷᠭᠡᠵᠢᠯ ᠤᠨ ᠨᠢᠭᠡᠳᠦᠯᠲᠡᠶ | ᠰᠢᠯᠭᠠᠯᠲᠠ ᠶᠢᠨ ᠵᠠᠷᠤᠳᠠᠯ ᠢ ᠲᠣᠰ ᠲᠣᠰ ᠲᠤᠰᠢᠶᠠᠬᠤ ᠬᠡᠷᠡᠭᠲᠡᠶ᠃ ᠰᠢᠯᠭᠠᠭᠤᠯᠤᠭᠰᠠᠳ ᠲᠤ ᠠᠩᠬᠠᠷᠤᠭᠤᠯᠬᠤ | ᠴᠢᠬᠤᠯᠠᠲᠠᠶ ᠵᠥᠢᠯ ᠭᠡᠪᠡᠯ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠪᠠᠶᠢᠭᠤᠯᠤᠮᠵᠢ ᠨᠢ ᠰᠢᠯᠭᠠᠭᠤᠯᠤᠭᠴᠢ ᠲᠣᠰ ᠪᠡᠶ᠎ᠡ ᠪᠠᠷ ᠢᠶᠠᠨ ᠬᠠᠷᠭᠤᠭᠤᠯᠵᠦ᠂ ᠭᠠᠷ ᠤᠨ ᠥᠰᠥᠭ ᠵᠢᠷᠤᠵᠦ | ᠨᠤᠲᠠᠯᠠᠭᠰᠠᠨ ︽ᠨᠡᠷ᠎ᠡ ᠮᠡᠳᠡᠭᠦᠯᠬᠦ ᠪᠦᠷᠢᠳᠭᠡᠯ ᠤᠨ ᠬᠦᠰᠦᠨᠦᠭᠲᠦ︾ ᠶᠢ ᠰᠢᠯᠭᠠᠭᠤᠯᠤᠭᠴᠢ ᠶᠢᠨ ᠲᠠᠩᠰᠠ | ᠡᠪᠬᠡᠮᠡᠯ ᠳᠤ ᠣᠷᠣᠭᠤᠯᠤᠨ᠎ᠠ︔ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ᠂ ︽ᠤᠷᠢᠳᠴᠢᠯᠠᠨ ᠨᠡᠷ᠎ᠡ ᠮᠡᠳᠡᠭᠦᠯᠬᠦ | ᠬᠦᠰᠦᠨᠦᠭᠲᠦ︾ ︽ᠬᠥᠭᠵᠢᠮ ᠤᠨ ᠨᠣᠲ︾ ᠢ ᠦᠯᠡᠳᠡᠭᠡᠵᠦ ᠪᠠᠶᠢᠴᠠᠭᠠᠬᠤ ᠳᠤ ᠪᠡᠯᠡᠳᠬᠡᠨ᠎ᠡ︔ ︽ᠦᠨᠡᠨᠴᠢ | ᠢᠲᠡᠭᠡᠮᠵᠢᠳᠤ ᠰᠢᠯᠭᠠᠯᠲᠠ ᠶᠢᠨ ᠠᠮᠠᠯᠠᠯᠲᠠ ᠶᠢᠨ ᠪᠢᠴᠢᠭ︾ ᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠬᠦᠷᠭᠡᠨ᠎ᠡ᠂ ᠰᠢᠯᠭᠠᠭᠤᠯᠤᠭᠴᠢ ᠶᠢᠨ ᠲᠠᠩᠰᠠ | ᠡᠪᠬᠡᠮᠡᠯ ᠳᠤ ᠣᠷᠣᠭᠤᠯᠬᠤ ᠥᠬᠡᠶ᠃ | ᠰᠢᠯᠭᠠᠭᠤᠯᠤᠭᠴᠢ ᠰᠦᠯᠵᠢᠶᠡᠨ ᠳᠡᠭᠡᠷ᠎ᠡ ᠵᠠᠷᠤᠳᠠᠯ ᠲᠤᠰᠢᠶᠠᠭᠠᠳ ᠠᠮᠵᠢᠯᠲᠠ ᠣᠯᠤᠭᠰᠠᠨ ᠤ ᠳᠠᠷᠠᠭ᠎ᠠ᠂ ᠲᠣᠰ | ᠬᠥᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠡᠷᠦᠬᠡ ᠠᠮᠠ ᠶᠢᠨ ᠳᠡᠪᠲᠡᠷ ᠤᠨ ᠪᠠᠭᠤᠯᠭᠠᠪᠤᠷᠢ ᠪᠠ | ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠪᠠᠨ ᠠᠪᠴᠤ ᠬᠤᠰᠢᠭᠤ ᠰᠢᠶᠠᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠲᠤᠬᠠᠶ ᠶᠢᠨ ᠭᠠᠵᠠᠷ ᠲᠤᠨᠢ ᠨᠤᠲᠠᠯᠠᠨ | ᠲᠣᠭᠲᠠᠭᠠᠨ᠎ᠠ᠃ | http://mongol.people.com.cn/15828236.html |